ᠠᠮᠢ ᠠᠬᠤᠶ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ | ᠬᠠᠮᠠᠭᠠᠯᠠᠯᠲᠠ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠴᠢᠳᠠᠪᠬᠢ ᠳᠠᠭᠠᠨ | ᠰᠠᠭᠤᠷᠢᠯᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ︽ᠨᠢᠭᠡᠳᠦᠯᠲᠡᠶ ᠲᠥᠯᠥᠪᠯᠡᠨ ᠪᠠᠶᠢᠷᠢᠯᠠᠭᠤᠯᠬᠤ᠂ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ︾ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠶ ᠰᠢᠭᠤᠶ ᠨᠤᠲᠤᠭ ᠪᠡᠯᠴᠢᠭᠡᠷ ᠨᠤᠭᠤ | ᠭᠠᠵᠠᠷ ᠢ ᠰᠦᠢᠳᠭᠡᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠣᠶ ᠰᠢᠭᠤᠶ ᠨᠤᠲᠤᠭ | ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠡᠪᠳᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ | | | | ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠬᠠᠷᠢᠶᠠᠲᠤ ᠣᠷᠣᠨ ᠤ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠤᠨ ᠣᠳᠣᠬᠢ | ᠪᠠᠶᠢᠳᠠᠯ ᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠡᠪᠳᠡᠭᠰᠡᠨ ᠡᠯ᠎ᠡ ᠲᠥᠷᠥᠯ ᠤᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠨᠠᠷᠢᠯᠢᠭ ᠣᠨᠣᠪᠴᠢᠲᠠᠢ ᠪᠠᠷ ᠴᠣᠬᠢᠯᠲᠠ ᠥᠭᠴᠦ᠂ ᠡᠷᠲᠡ ᠢᠯᠡᠷᠡᠭᠦᠯᠵᠦ᠂ ᠡᠷᠲᠡ ᠬᠤᠷᠢᠭᠯᠠᠨ ᠵᠣᠭᠰᠣᠭᠠᠵᠤ᠂ | ᠡᠷᠲᠡ ᠪᠠᠶᠢᠴᠠᠭᠠᠨ ᠰᠢᠢᠳᠪᠦᠷᠢᠯᠡᠵᠦ᠂ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃ ᠬᠤᠰᠢᠭᠤᠨ ᠤ | ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠲᠤᠰᠬᠠᠶ ᠠᠵᠢᠯᠲᠠᠨ ᠢ ᠵᠣᠬᠢᠶᠠᠨ ᠪᠠᠶᠢᠭᠤᠯᠤᠨ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ | ᠪᠠᠶᠠᠯᠢᠭ ᠲᠤ ᠮᠡᠷᠭᠡᠵᠢᠯ ᠤᠨ ᠬᠢᠨᠠᠨ ᠲᠣᠭᠲᠠᠭᠠᠯᠲᠠ ᠪᠠ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠯᠲᠠ ᠬᠢᠬᠦ ᠶᠢᠨ ᠬᠠᠮᠲᠤ᠂ ᠬᠠᠤᠯᠢ ᠬᠡᠷᠡᠭᠵᠢᠭᠦᠯᠬᠦ | ᠠᠵᠢᠯᠲᠠᠨ ᠢ ᠵᠣᠬᠢᠶᠠᠨ ᠪᠠᠶᠢᠭᠤᠯᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠵᠦ᠂ ᠲᠣᠭᠤᠷᠢᠨ ᠪᠠᠶᠢᠴᠠᠭᠠᠬᠤ ᠪᠠ ᠰᠦᠪᠡᠭᠴᠢ ᠶᠢ ᠵᠢᠭᠰᠠᠭᠠᠨ ᠪᠠᠶᠢᠴᠠᠭᠠᠬᠤ ᠠᠵᠢᠯ ᠢ | ᠲᠤᠬᠠᠶ ᠶᠢᠨ ᠭᠠᠵᠠᠷ ᠲᠤᠨᠢ ᠥᠷᠨᠢᠭᠦᠯᠪᠡ᠃ | ᠠᠵᠢᠯ ᠥᠷᠨᠢᠭᠦᠯᠬᠦ ᠬᠤᠭᠤᠴᠠᠭᠠᠨ ᠳᠤ᠂ ᠠᠵᠢᠯᠯᠠᠬᠤ ᠳᠤᠭᠤᠶᠢᠯᠠᠩ ︽ᠬᠥᠮᠦᠨ ᠢᠶᠠᠷ ᠰᠡᠷᠭᠡᠶᠢᠯᠡᠬᠦ + ᠮᠡᠷᠭᠡᠵᠢᠯ ᠢᠶᠠᠷ ᠰᠡᠷᠭᠡᠶᠢᠯᠡᠬᠦ︾ ᠶᠢ ᠬᠠᠷᠢᠯᠴᠠᠨ | ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠵᠢᠯᠣᠭᠤᠴᠢ ᠥᠬᠡᠶ ᠨᠢᠰᠬᠡᠯ ᠢᠶᠠᠷ ᠠᠭᠠᠷ ᠠᠴᠠ ᠰᠡᠭᠦᠳᠡᠷᠯᠡᠬᠦ᠂ ᠳᠠᠭᠠᠭᠤᠯᠢ ᠣᠳᠣᠨ ᠤ ᠵᠢᠷᠤᠭ ᠤᠨ ᠲᠣᠯᠪᠤ ᠵᠡᠷᠭᠡ | ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠭᠤᠤᠯᠳᠠᠯᠭ᠎ᠠ ᠲᠠᠢ ᠣᠷᠣᠨ ᠪᠦᠰᠡ ᠳᠤ ᠪᠥᠬᠦ ᠲᠠᠯ᠎ᠠ ᠶᠢᠨ᠂ ᠥᠨᠴᠥᠭ ᠪᠤᠯᠤᠩ ᠥᠬᠡᠶ ᠬᠢᠨᠠᠨ ᠬᠡᠮᠵᠢᠯᠲᠡ ᠬᠢᠬᠦ ᠶᠢᠨ | ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠠᠭᠤᠷᠬᠠᠶ᠂ ᠠᠵᠤ ᠠᠬᠤᠶᠢᠯᠠᠯ᠂ ᠣᠶᠢᠲᠤ ᠭᠠᠵᠠᠷ᠂ ᠨᠤᠲᠤᠭ ᠪᠡᠯᠴᠢᠭᠡᠷ ᠲᠤ | ᠭᠦᠨᠵᠡᠭᠡᠶᠢᠷᠡᠭᠦᠯᠦᠨ᠂ ᠲᠣᠤᠷ ᠲᠠᠲᠠᠬᠤ ᠬᠡᠯᠪᠡᠷᠢ ᠪᠠᠷ ᠵᠢᠭᠰᠠᠭᠠᠨ ᠪᠠᠶᠢᠴᠠᠭᠠᠯᠲᠠ ᠬᠢᠵᠦ᠂ ᠰᠡᠵᠢᠭᠯᠡᠯᠲᠡᠶ ᠭᠠᠵᠠᠷ ᠢ ᠠᠯᠳᠠᠯ ᠥᠬᠡᠶ ᠵᠢᠭᠰᠠᠭᠠᠨ ᠪᠠᠶᠢᠴᠠᠭᠠᠪᠠ᠃ | ᠵᠢᠭᠰᠠᠭᠠᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠲᠤᠬᠠᠶ ᠶᠢᠨ ᠲᠠᠯᠠᠪᠤᠷ ᠲᠤ ᠨᠠᠷᠢᠨ ᠲᠡᠮᠳᠡᠭᠯᠡᠯ ᠬᠢᠵᠦ᠂ ᠠᠰᠠᠭᠤᠳᠠᠯ ᠤᠨ ᠡᠬᠡ ᠲᠠᠩᠰᠠ | ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠡᠭᠦᠷᠭᠡᠯᠡᠭᠴᠢ ᠪᠠ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠵᠤ᠂ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠪᠠ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠤᠯᠢ ᠬᠡᠷᠡᠭᠵᠢᠭᠦᠯᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠭ᠎ᠠ ᠬᠥᠮᠦᠵᠢᠯ ᠢ | ᠴᠢᠩᠭᠠᠳᠬᠠᠨ᠂ ᠣᠯᠠᠨ ᠨᠡᠶᠢᠲᠡ ᠶᠢᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠪᠥᠬᠦ ᠨᠡᠶᠢᠭᠡᠮ ᠢᠶᠠᠷ ᠢᠶᠠᠨ ᠣᠶ ᠰᠢᠭᠤᠶ ᠨᠤᠲᠤᠭ ᠪᠡᠯᠴᠢᠭᠡᠷ ᠨᠤᠭᠤ | ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠤᠮᠠᠷᠠᠲᠤ ᠬᠢᠯᠢ ᠶᠢᠨ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ᠃ | |