5 ᠰᠠᠷ᠎ᠠ ᠶᠢᠨ 12 ᠤᠨ ᠡᠳᠦᠷ ᠪᠣᠯ ᠮᠠᠨ ᠤ ᠤᠯᠤᠰ ᠤᠨ 17 ᠳ᠋ᠤᠭᠠᠷ ᠪᠥᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ | ᠪᠣᠯᠤᠨ᠎ᠠ᠂ ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ | ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ ᠲᠤᠬᠠᠶ ᠶᠢᠨ ᠡᠳᠦᠷ᠂ ᠣᠶ ᠰᠢᠭᠤᠶ ᠶᠢᠨ ᠭᠠᠯ ᠤᠨᠲᠠᠷᠠᠭᠠᠬᠤ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠭᠤᠷᠬᠠᠶ ᠶᠢᠨ ᠠᠪᠤᠷᠠᠨ ᠲᠤᠰᠠᠯᠠᠬᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ | ᠨᠢᠭᠡᠴᠡᠬᠠᠮᠲᠤᠷᠠᠨ ᠰᠡᠭᠡᠭᠡᠲᠡᠨ ᠠᠭᠤᠳᠠᠮ ᠲᠠᠯᠠᠪᠠᠶ ᠳᠤ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ ᠬᠥᠮᠦᠨ ᠪᠦᠬᠦᠨ ᠳᠡᠷᠭᠡᠳᠡᠬᠢ ᠭᠠᠮᠰᠢᠭ ᠤᠨ ᠳᠠᠯᠳᠠ | ᠬᠡᠮ ᠢ ᠵᠢᠭᠰᠠᠭᠠᠨ ᠪᠠᠶᠢᠴᠠᠭᠠᠬᠤ︾ ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠭᠠᠯ ᠤᠨᠲᠠᠷᠠᠭᠠᠬᠤ ᠰᠠᠯᠠᠭ᠎ᠠ ᠮᠥᠴᠢᠷ ᠤᠨ ᠲᠤᠰᠬᠠᠶ ᠮᠡᠷᠭᠡᠵᠢᠯ ᠤᠨ ᠠᠵᠢᠯᠲᠠᠨ ᠠᠵᠢᠯᠯᠠᠭ᠎ᠠ ᠳᠤᠮᠳᠠ ᠪᠠᠨ ᠡᠳᠦᠷ ᠲᠤᠲᠤᠮ ᠤᠨ ᠠᠮᠢᠳᠤᠷᠠᠯ ᠳᠤ ᠭᠠᠯ | ᠬᠡᠷᠡᠭᠯᠡᠬᠦ ᠠᠮᠤᠷ ᠲᠦᠪᠰᠢᠨ ᠳᠤ ᠴᠢᠭᠯᠡᠭᠦᠯᠦᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠵᠦ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ ᠲᠦᠷᠭᠡᠨ | ᠠᠪᠤᠷᠠᠯᠳᠠ ᠶᠢᠨ ᠮᠡᠳᠡᠯᠭᠡ ᠶᠢ ᠲᠦᠭᠡᠮᠡᠯᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠳᠤ ᠵᠢᠷᠦᠬᠡ ᠠᠭᠤᠰᠬᠢᠨ ᠤ ᠰᠡᠷᠭᠦᠭᠡᠯᠲᠡ ᠬᠢᠬᠦ ᠵᠡᠷᠭᠡ | ᠲᠦᠷᠭᠡᠨ ᠠᠪᠤᠷᠠᠯᠳᠠ ᠶᠢᠨ ᠤᠷ᠎ᠠ ᠴᠢᠳᠠᠪᠤᠷᠢ ᠶᠢ ᠵᠢᠭᠠᠨ ᠥᠭᠴᠦ᠂ ᠡᠳᠦᠷ ᠲᠤᠲᠤᠮ ᠤᠨ ᠠᠮᠢᠳᠤᠷᠠᠯ ᠳᠤ ᠲᠣᠬᠢᠶᠠᠯᠳᠤᠵᠤ ᠮᠡᠳᠡᠬᠦ ᠰᠠᠨᠠᠭᠠᠨ ᠳᠤ ᠥᠬᠡᠶ ᠪᠠᠶᠢᠳᠠᠯ ᠳᠤ | ᠴᠢᠭᠯᠡᠭᠦᠯᠦᠨ᠂ ᠥᠪᠡᠷ ᠢ ᠪᠠᠨ ᠠᠪᠤᠷᠠᠵᠤ ᠬᠠᠷᠢᠯᠴᠠᠨ ᠬᠡᠷᠡᠭᠴᠡᠭᠡᠲᠡᠶ ᠠᠪᠤᠷᠠᠬᠤ ᠠᠷᠭ᠎ᠠ ᠶᠢ ᠤᠯᠠᠮᠵᠢᠯᠠᠪᠠ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠤᠬᠠᠮᠰᠠᠷ ᠢ | ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠨᠠᠩ ᠪᠥᠬᠦ ᠲᠠᠯ᠎ᠠ ᠶᠢᠨ᠂ ᠨᠠᠩ ᠭᠦᠨᠵᠡᠭᠡᠶ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠬᠠᠩᠭᠠᠭᠰᠠᠨ ᠪᠠᠶᠢᠨ᠎ᠠ᠃ ᠵᠠᠯᠭᠠᠭᠠᠳ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠦᠷᠭᠦᠯᠵᠢᠯᠡᠨ ᠠᠬᠢᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠡᠳᠦᠷ ᠲᠤᠲᠤᠮ ᠤᠨ | ᠲᠣᠭᠤᠷᠢᠨ ᠪᠠᠶᠢᠴᠠᠭᠠᠬᠤ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠴᠢᠬᠤᠯᠠ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ | ᠪᠠᠲᠤᠯᠠᠬᠤ᠂ ᠠᠵᠤ ᠠᠬᠤᠶ ᠨᠡᠶᠢᠭᠡᠮ ᠤᠨ ᠲᠣᠭᠲᠠᠭᠤᠨ ᠡᠷᠭᠢᠯᠲᠡ ᠶᠢ ᠬᠠᠮᠠᠭᠠᠯᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠣᠯᠠᠨ ᠲᠦᠮᠡᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠬᠥᠭᠵᠢᠭᠦᠯᠦᠯᠲᠡ ᠥᠭᠡᠷᠡᠴᠢᠯᠡᠯᠲᠡ ᠶᠢᠨ ᠬᠦᠴᠦᠨ ᠴᠢᠳᠠᠯ ᠢᠶᠠᠨ ᠡᠷᠭᠦᠨ᠎ᠡ᠃ | | | | |