ᠰᠢᠨ᠎ᠡ ᠪᠠᠷᠭᠤ ᠪᠠᠷᠠᠭᠤᠨ ᠬᠤᠰᠢᠭᠤᠨ ᠤ 2025 ᠣᠨ ᠤ 1 - 4 ᠳ᠋ᠦ᠋ᠭᠡᠷ ᠰᠠᠷ᠎ᠠ ᠶᠢᠨ ᠣᠷᠣᠯᠭ᠎ᠠ ᠵᠠᠷᠤᠯᠭ᠎ᠠ ᠶᠢᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠤᠨ ᠲᠣᠪᠴᠢ ᠵᠠᠳᠠᠯᠤᠯᠲᠠ
ᠨᠡᠶᠢᠲᠡᠯᠡᠭᠰᠡᠨ ᠴᠠᠭ᠄
2025/5/15
      ᠨᠢᠭᠡ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ      1 - 4 ᠳ᠋ᠦ᠋ᠭᠡᠷ ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 32,121 ᠲᠦᠮᠡᠨ ᠲᠥᠭᠦᠷᠢᠭ ᠪᠡᠶᠡᠯᠡᠭᠦᠯᠵᠦ᠂ ᠲᠥᠰᠦᠪ ᠤᠨ 44.74% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11,889 ᠲᠦᠮᠡᠨ ᠲᠥᠭᠦᠷᠢᠭ ᠨᠡᠮᠡᠭᠳᠡᠵᠦ᠂ 58.76% ᠪᠠᠷ ᠨᠡᠮᠡᠭᠳᠡᠪᠡ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ ᠶᠢ 28,427 ᠲᠦᠮᠡᠨ ᠲᠥᠭᠦᠷᠢᠭ ᠪᠡᠶᠡᠯᠡᠭᠦᠯᠵᠦ᠂ ᠲᠥᠰᠦᠪ ᠤᠨ 49.60% ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12,208 ᠲᠦᠮᠡᠨ ᠲᠥᠭᠦᠷᠢᠭ ᠨᠡᠮᠡᠭᠳᠡᠵᠦ᠂ 75.27% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ 88.50% ᠳᠤ ᠬᠦᠷᠪᠡ︔ ᠭᠠᠶᠢᠯᠢ ᠶᠢᠨ ᠪᠤᠰᠤ ᠣᠷᠣᠯᠭ᠎ᠠ ᠶᠢ 3,694 ᠲᠦᠮᠡᠨ ᠲᠥᠭᠦᠷᠢᠭ ᠪᠡᠶᠡᠯᠡᠭᠦᠯᠵᠦ᠂ ᠲᠥᠰᠦᠪ ᠤᠨ 25.50% ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 319 ᠲᠦᠮᠡᠨ ᠲᠥᠭᠦᠷᠢᠭ ᠪᠠᠭᠠᠰᠴᠤ᠂ 7.95% ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠳᠠᠬᠢ ᠡᠵᠡᠯᠡᠬᠦ ᠬᠤᠪᠢ ᠶᠢᠨ ᠵᠢᠩ ᠨᠢ 11.50% ᠲᠤ ᠬᠦᠷᠪᠡ᠃      ᠬᠤᠶᠠᠷ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠰᠠᠯᠠᠭ᠎ᠠ ᠮᠥᠴᠢᠷ ᠬᠤᠪᠢᠶᠠᠨ ᠪᠡᠶᠡᠯᠡᠭᠦᠯᠦᠭᠰᠡᠨ ᠪᠠᠶᠢᠳᠠᠯ      1 - 4 ᠳ᠋ᠦ᠋ᠭᠡᠷ ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠰᠠᠯᠠᠭ᠎ᠠ ᠮᠥᠴᠢᠷ ᠬᠤᠪᠢᠶᠠᠨ ᠪᠡᠶᠡᠯᠡᠭᠦᠯᠦᠭᠰᠡᠨ ᠪᠠᠶᠢᠳᠠᠯ᠄ ᠤᠯᠤᠰ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ 31,517 ᠲᠦᠮᠡᠨ ᠲᠥᠭᠦᠷᠢᠭ ᠢ ᠪᠡᠶᠡᠯᠡᠭᠦᠯᠵᠦ᠂ ᠲᠥᠰᠦᠪ ᠤᠨ 50.68% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12,173 ᠲᠦᠮᠡᠨ ᠲᠥᠭᠦᠷᠢᠭ ᠨᠡᠮᠡᠭᠳᠡᠵᠦ᠂ 62.93% ᠪᠠᠷ ᠨᠡᠮᠡᠭᠳᠡᠪᠡ︔ ᠡᠳ᠋ ᠤᠨ ᠵᠠᠰᠠᠭ ᠤᠨ ᠰᠠᠯᠠᠭ᠎ᠠ ᠮᠥᠴᠢᠷ 604 ᠲᠦᠮᠡᠨ ᠲᠥᠭᠦᠷᠢᠭ ᠢ ᠪᠡᠶᠡᠯᠡᠭᠦᠯᠵᠦ᠂ ᠲᠥᠰᠦᠪ ᠤᠨ 6.29% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 284 ᠲᠦᠮᠡᠨ ᠲᠥᠭᠦᠷᠢᠭ ᠪᠠᠭᠠᠰᠴᠤ᠂ 31.98% ᠪᠠᠷ ᠪᠠᠭᠤᠷᠠᠪᠠ᠃      ᠭᠤᠷᠪᠠ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ      1 - 4 ᠳ᠋ᠦ᠋ᠭᠡᠷ ᠰᠠᠷ᠎ᠠ ᠳᠤ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ ᠶᠢ 258 ᠲᠦᠮᠡᠨ ᠲᠥᠭᠦᠷᠢᠭ ᠪᠡᠶᠡᠯᠡᠭᠦᠯᠵᠦ᠂ ᠲᠥᠰᠦᠪ ᠤᠨ 1.91% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5,378 ᠲᠦᠮᠡᠨ ᠲᠥᠭᠦᠷᠢᠭ ᠪᠠᠭᠠᠰᠴᠤ᠂ 95.42% ᠢᠶᠠᠷ ᠪᠠᠭᠤᠷᠠᠪᠠ᠃      ᠳᠥᠷᠪᠡ᠂ ᠣᠷᠣᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠶ ᠣᠷᠣᠯᠭ᠎ᠠ ᠶᠢ ᠱᠠᠲᠤ ᠬᠤᠪᠢᠶᠠᠨ ᠪᠡᠶᠡᠯᠡᠭᠦᠯᠦᠭᠰᠡᠨ ᠪᠠᠶᠢᠳᠠᠯ      1 - 4 ᠳ᠋ᠦ᠋ᠭᠡᠷ ᠰᠠᠷ᠎ᠠ ᠳᠤ᠂ ᠣᠷᠣᠨ ᠨᠤᠲᠤᠭ ᠤᠨ ᠡᠳ᠋ ᠤᠨ ᠵᠠᠰᠠᠭ ᠤᠨ ᠶᠡᠷᠦᠩᠬᠡᠢ ᠣᠷᠣᠯᠭ᠎ᠠ ᠶᠢ 78,377 ᠲᠦᠮᠡᠨ ᠲᠥᠭᠦᠷᠢᠭ ᠪᠡᠶᠡᠯᠡᠭᠦᠯᠵᠦ᠂ ᠲᠥᠰᠥᠪ ᠤᠨ 39.22% ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16,328 ᠲᠦᠮᠡᠨ ᠲᠥᠭᠦᠷᠢᠭ ᠨᠡᠮᠡᠭᠳᠡᠵᠦ᠂ 26.31% ᠪᠠᠷ ᠨᠡᠮᠡᠭᠳᠡᠪᠡ᠃ ᠡᠭᠦᠨ ᠳᠤ᠄ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 32,121 ᠲᠦᠮᠡᠨ ᠲᠥᠭᠦᠷᠢᠭ ᠪᠡᠶᠡᠯᠡᠭᠦᠯᠵᠦ᠂ ᠲᠥᠰᠦᠪ ᠤᠨ 44.74% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11,889 ᠲᠦᠮᠡᠨ ᠲᠥᠭᠦᠷᠢᠭ ᠨᠡᠮᠡᠭᠳᠡᠵᠦ᠂ 58.76% ᠪᠠᠷ ᠨᠡᠮᠡᠭᠳᠡᠪᠡ︔ ᠳᠡᠭᠡᠷ᠎ᠡ ᠬᠤᠪᠢᠶᠠᠭᠰᠠᠨ ᠬᠤᠲᠠ ᠶᠢᠨ ᠳᠡᠰ ᠤᠨ ᠣᠷᠣᠯᠭ᠎ᠠ ᠶᠢ 798 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 44 ᠲᠦᠮᠡᠨ ᠲᠥᠭᠦᠷᠢᠭ ᠨᠡᠮᠡᠭᠳᠡᠵᠦ᠂ 0.57% ᠪᠠᠷ ᠨᠡᠮᠡᠭᠳᠡᠪᠡ︔ ᠳᠡᠭᠡᠭᠰᠢ ᠬᠤᠪᠢᠶᠠᠷᠢᠯᠠᠭᠰᠠᠨ ᠥᠪᠡᠷᠲᠡᠭᠡᠨ ᠵᠠᠰᠠᠬᠤ ᠣᠷᠣᠨ ᠳᠤ ᠰᠢᠯᠵᠢᠭᠦᠯᠦᠭᠰᠡᠨ ᠣᠷᠣᠯᠭ᠎ᠠ ᠶᠢ 15,925 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 934 ᠲᠦᠮᠡᠨ ᠲᠥᠭᠦᠷᠢᠭ ᠨᠡᠮᠡᠭᠳᠡᠵᠦ᠂ ᠨᠡᠮᠡᠭᠳᠡᠯ ᠤᠨ ᠨᠣᠷᠮ᠎ᠠ 6.23% ᠳᠤ ᠬᠦᠷᠪᠡ᠃      ᠲᠠᠪᠤ᠂ ᠡᠳ᠋ ᠤᠨ ᠵᠠᠰᠠᠭ ᠤᠨ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ      1 - 4 ᠳ᠋ᠦ᠋ᠭᠡᠷ ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 549.797 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9,837 ᠲᠦᠮᠡᠨ ᠲᠥᠭᠦᠷᠢᠭ ᠨᠡᠮᠡᠭᠳᠡᠵᠦ᠂ 21.88% ᠪᠠᠷ ᠨᠡᠮᠡᠭᠳᠡᠪᠡ᠃      1 - 4 ᠳ᠋ᠦ᠋ᠭᠡᠷ ᠰᠠᠷ᠎ᠠ ᠳᠤ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ ᠶᠢ 327 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 428 ᠲᠦᠮᠡᠨ ᠲᠥᠭᠦᠷᠢᠭ ᠪᠠᠭᠠᠰᠴᠤ᠂ 11.10% ᠪᠠᠷ ᠪᠠᠭᠤᠷᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ