ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠂ ᠡᠶ᠎ᠡ ᠵᠣᠬᠢᠴᠠᠯ ᠲᠠᠢ ᠠᠮᠤᠷ | ᠲᠣᠭᠲᠠᠭᠤᠨ ᠦᠨᠳᠦᠰᠦᠲᠡᠨ ᠤ ᠬᠠᠷᠢᠴᠠᠭ᠎ᠠ ᠶᠢ ᠪᠠᠶᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ︽ | ᠠᠨᠠᠷ ᠤᠨ ᠦᠷ᠎ᠡ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠠᠷᠤᠬᠠᠰᠢᠶᠠᠲᠤ ᠪᠠᠯᠭᠠᠰᠤ ᠶᠢᠨ ᠪᠠᠶ᠋ᠬᠠᠭᠤᠯᠠ ᠭᠠᠴᠠᠭᠠᠨ ᠤ ︽ᠭᠤᠷᠪᠠᠨ ᠮᠢᠩᠭᠠᠨ ᠥᠨᠥᠴᠢᠨ | ᠬᠡᠦᠬᠡᠳ ᠢ ᠥᠪᠥᠷ ᠮᠣᠩᠭᠤᠯ ᠳᠤ ᠬᠦᠷᠭᠡᠭᠰᠡᠨ︾ ᠤᠯᠤᠰ ᠤᠨ ᠬᠡᠤᠬᠡᠳ ᠪᠠᠲᠤᠬᠦᠦ ᠶᠢᠨ ᠭᠡᠷ ᠲᠤ ᠬᠦᠷᠴᠦ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ | ᠥᠷᠨᠢᠭᠦᠯᠪᠡ᠃ | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ︽ᠠᠨᠠᠷ ᠤᠨ ᠦᠷ᠎ᠠ︾ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠪᠠᠲᠤᠬᠦᠦ ᠶᠢᠨ ᠬᠦᠳᠡᠭᠡ ᠶᠢᠨ ᠰᠠᠭᠤᠷᠢᠰᠢᠯ ᠳᠤ 40 ᠰᠠᠭᠤᠷᠢ ᠤᠯᠢᠶᠠᠰᠤᠨ ᠮᠣᠳᠣ ᠳᠠᠷᠢᠪᠠ᠃ ᠤᠯᠠᠨ ᠢᠶᠠᠷ ᠢᠶᠠᠨ ᠠᠵᠢᠯ ᠤᠨ | ᠬᠤᠪᠢᠶᠠᠷᠢᠯᠠᠯ ᠲᠣᠳᠣᠷᠬᠠᠢ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠠᠶᠢᠵᠤ᠂ ᠪᠠᠭᠠᠵᠢ ᠬᠡᠷᠡᠭᠰᠡᠯ ᠢᠶᠠᠨ ᠠᠪᠴᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ | ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ | | | | ᠠᠵᠢᠯ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠤᠳᠤᠷᠢᠳᠬᠤ ᠪᠠᠭ ᠪᠠᠲᠤᠬᠦᠦ ᠶᠢᠨ ᠭᠡᠷ ᠲᠤ ᠬᠦᠷᠴᠦ | ᠲᠣᠬᠤᠨᠢᠭᠤᠯᠵᠤ᠂ ᠲᠡᠭᠦᠨ ᠲᠠᠢ ᠵᠣᠭᠤᠭᠳᠠᠵᠤ᠂ ᠠᠮᠢᠳᠤᠷᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠢ ᠨᠢ ᠨᠠᠷᠢᠨ ᠠᠰᠠᠭᠤᠨ ᠣᠶᠢᠯᠭᠠᠬᠤ ᠶᠢᠨ ᠬᠠᠮᠲᠤ᠂ | ᠲᠡᠭᠦᠨ ᠢ ᠦᠷᠭᠦᠯᠵᠢᠯᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠲᠠᠭᠤᠨ ᠢ ᠰᠠᠶᠢᠲᠤᠷ ᠳᠠᠮᠵᠢᠭᠤᠯᠵᠤ᠂ ᠢᠳᠡᠪᠬᠢ | ᠬᠦᠴᠦᠨ ᠢ ᠨᠢᠭᠲᠠᠷᠠᠭᠤᠯᠬᠤ ᠶᠢᠨ ᠬᠠᠮᠲᠤ ᠬᠢᠨᠠᠨ ᠲᠣᠭᠲᠠᠭᠠᠭᠰᠠᠨ ᠤ ᠳᠠᠷᠠᠭᠠᠬᠢ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠠᠪᠴᠢᠷᠠᠪᠠ︾ | ᠤᠯᠤᠰ ᠤᠨ ᠬᠡᠤᠬᠡᠳ - ᠨᠠᠷᠠᠨᠴᠢᠮᠡᠭ ᠪᠣᠯᠤᠨ ᠪᠠᠲᠤᠬᠦᠦ ᠡᠭᠡᠴᠢ ᠳᠡᠭᠦᠤ ᠬᠤᠶᠠᠷ ᠭᠡᠬᠦ ᠤᠬᠠᠭᠤᠯᠭ᠎ᠠ ᠶᠢᠨ ᠹᠢᠯᠢᠮ ᠢ ᠲᠡᠳᠡᠨ ᠳᠤ ᠭᠠᠷᠳᠠᠭᠤᠯᠪᠠ᠃ ᠪᠠᠲᠦᠬᠦᠦ᠂ ᠨᠠᠮ | ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢᠯᠠᠯ ᠳᠤ ᠲᠠᠯᠠᠷᠬᠠᠵᠤ ᠪᠠᠶᠢᠨ᠎ᠠ᠂ ᠬᠤᠶᠢᠰᠢᠳᠠ ᠦᠷᠭᠦᠯᠵᠢᠯᠡᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠣᠭᠴᠠᠯᠠᠨ᠎ᠠ ᠭᠡᠵᠦ | ᠢᠯᠡᠳᠬᠡᠪᠡ᠃ | | | | |