ᠳᠠᠭᠤᠷᠢᠶᠠᠯ ᠤᠨ ᠬᠦᠴᠦᠨ
ᠨᠡᠶᠢᠲᠡᠯᠡᠭᠰᠡᠨ ᠴᠠᠭ᠄
2025/5/19
      ᠤᠯᠠᠷᠢᠯ ᠤᠨ ᠰᠠᠶᠢᠬᠠᠨ ᠴᠠᠭ ᠲᠤ ᠤᠯᠤᠰ ᠳᠠᠶᠠᠭᠠᠷ ᠬᠦᠳᠡᠯᠮᠦᠷᠢᠴᠢᠳ ᠤᠨ ᠪᠠᠶᠠᠷ ᠢ ᠳᠤᠷᠠᠰᠬᠠᠨ ᠪᠡᠯᠭᠡᠯᠡᠵᠦ᠂ ᠠᠯᠢ ᠤᠯᠠᠨ ᠬᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠳᠡᠨ ᠢ ᠬᠦᠬᠢᠬᠦᠯᠦᠨ ᠰᠠᠶᠢᠰᠢᠶᠠᠬᠰᠠᠨ ᠪᠠᠶᠢᠨ᠎ᠠ᠃ ᠳᠡᠳᠡ ᠲᠦᠭ ᠲᠦᠮᠡᠨ ᠬᠦᠳᠡᠯᠮᠦᠷᠢᠴᠢᠨ ᠲᠦᠮᠡᠨ ᠤ ᠳᠠᠭᠤᠷᠢᠶᠠᠯ ᠪᠤᠯᠤᠬᠰᠠᠨ ᠪᠦᠭᠡᠳ ᠨᠡᠩ ᠴᠦ ᠤᠷᠤᠬᠰᠢᠯᠠᠨ ᠳᠠᠪᠰᠢᠬᠤ ᠤᠷᠭᠢᠯᠦᠮ᠎ᠡ ᠰᠡᠳᠭᠢᠯᠭᠡ ᠶᠢ ᠬᠦᠭᠵᠢᠭᠡᠵᠦ᠂ ᠬᠦᠭᠵᠢᠯ ᠴᠡᠴᠡᠭᠯᠡᠯ ᠤᠨ ᠬᠠᠮᠳᠦ ᠶᠢᠨ ᠬᠦᠴᠦᠨ ᠢ ᠨᠢᠬᠳᠠᠷᠠᠭᠤᠯᠤᠬᠰᠠᠨ ᠪᠠᠶᠢᠨ᠎ᠠ᠃       ᠬᠦᠳᠡᠯᠮᠦᠷᠢ ᠶᠢᠨ ᠵᠤᠷᠢᠭ ᠰᠠᠨᠠᠭ᠎ᠠ᠂ ᠬᠦᠳᠡᠯᠮᠦᠷᠢ ᠶᠢᠨ ᠵᠢᠱᠢᠶᠡᠴᠢ ᠶᠢᠨ ᠵᠤᠷᠢᠭ ᠰᠠᠨᠠᠭ᠎ᠠ᠂ ᠤᠷᠠᠨ ᠳᠠᠷᠬᠠᠨ ᠤ ᠵᠤᠷᠢᠭ ᠰᠠᠨᠠᠭ᠎ᠠ ᠪᠤᠯ ᠬᠦᠮᠦᠰ ᠤᠨ ᠴᠢᠰᠦ ᠮᠢᠬᠠᠨ ᠳᠤ ᠠᠭᠤᠰᠤᠨ ᠰᠢᠩᠭᠡᠭᠰᠡᠨ ᠳᠡᠮᠡᠴᠡᠯ ᠤᠨ ᠤᠳᠤᠮᠯᠠᠯ ᠪᠤᠯᠬᠤ ᠶᠤᠮ᠃ ᠦᠩᠭᠡᠷᠡᠭᠰᠡᠨ ᠡᠳᠦᠭᠡ ᠶᠢ ᠡᠷᠭᠢᠴᠡᠭᠦᠯᠪᠡᠯ ᠠᠯᠢ ᠤᠯᠠᠨ ᠬᠦᠳᠡᠯᠮᠦᠷᠢ ᠶᠢᠨ ᠵᠢᠱᠢᠶᠡᠴᠢ ᠴᠤᠯᠭᠤᠷᠠᠨ ᠭᠠᠷᠴᠦ᠂ ᠴᠠᠭ ᠦᠶ᠎ᠡ ᠶᠢᠨ ᠬᠦᠴᠦᠳᠦ ᠳᠠᠭᠤᠨ ᠢ ᠬᠠᠩᠬᠢᠨᠠᠭᠤᠯᠤᠬᠰᠠᠨ ᠪᠠᠶᠢᠳᠠᠭ᠃ ᠳᠡᠳᠡᠨᠡᠷ ᠤᠨ ᠦᠢᠯᠡ ᠠᠵᠢᠯᠯᠠᠭ᠎ᠠ ᠠᠴᠠ ᠬᠠᠷᠠᠮ ᠦᠭᠡᠢ ᠵᠤᠷᠢᠭᠤᠯᠬᠤ ᠠᠭᠤᠳᠠᠮᠴᠢ ᠰᠡᠳᠭᠢᠯᠭᠡ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠰᠦᠰᠦ ᠵᠤᠷᠢᠭ᠂ ᠦᠢᠯᠡᠰ ᠢᠶᠠᠨ ᠳᠡᠭᠡᠳᠦᠯᠡᠬᠦ ᠡᠷᠬᠢᠮ ᠨᠠᠨᠳᠢᠨ ᠤᠤᠷ ᠴᠢᠨᠠᠷ ᠢ ᠤᠯᠵᠦ ᠬᠠᠷᠠᠨ᠎ᠠ᠃ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠤ ᠬᠦᠳᠡᠯᠮᠦᠷᠢ ᠶᠢᠨ ᠵᠢᠱᠢᠶᠡᠴᠢ ᠶᠢᠨ ᠵᠤᠷᠢᠭ ᠰᠠᠨᠠᠭ᠎ᠠ ᠶᠢ ᠨᠡᠩ ᠢᠯᠡᠭᠦᠤ ᠤᠯᠠᠮᠵᠢᠯᠠᠨ ᠪᠠᠳᠠᠷᠠᠭᠤᠯᠬᠤ ᠶᠤᠰᠤᠳᠠᠢ᠂ ᠢᠩᠭᠢᠪᠡᠯ ᠰᠠᠶ᠋ᠢ ︽ᠬᠦᠳᠡᠯᠮᠦᠷᠢ ᠶᠢᠨ ᠭᠤᠸ᠎ᠠ ᠰᠠᠶᠢᠬᠠᠨ᠂ ᠬᠦᠳᠡᠯᠮᠦᠷᠢ ᠶᠢᠨ ᠢᠷᠠᠭᠤ ᠠᠯᠳᠠᠷ᠂ ᠬᠦᠳᠡᠯᠮᠦᠷᠢ ᠶᠢᠨ ᠡᠷᠬᠢᠮ ᠨᠠᠨᠳᠢᠨ᠂ ᠬᠦᠳᠡᠯᠮᠦᠷᠢ ᠶᠢᠨ ᠠᠭᠤᠤ ᠶᠡᠭᠡ︾ ᠨᠡᠶᠢᠭᠡᠮ ᠳᠠᠶᠠᠭᠠᠷ ᠤᠨ ᠬᠦᠰᠡᠯ ᠬᠦᠭᠡᠭᠡᠴᠡᠯᠳᠦᠯ ᠪᠤᠯᠬᠤ ᠶᠢ ᠢᠯᠡᠷᠡᠬᠦᠯᠵᠦ᠂ ᠦᠷᠭᠡᠨ ᠤᠯᠠᠨ ᠬᠦᠳᠡᠯᠮᠦᠷᠢᠴᠢᠳ ᠤᠨ ᠳᠡᠮᠡᠴᠡᠯ ᠤᠨ ᠳᠤᠮᠳᠠ ᠠᠮᠢᠳᠤᠷᠠᠬᠤᠢ ᠶᠢᠨ ᠦᠨ᠎ᠡ ᠦᠷᠳᠡᠭ ᠢᠶᠠᠨ ᠨᠡᠩ ᠰᠠᠶᠢᠨ ᠢᠯᠡᠷᠡᠭᠦᠯᠬᠦ ᠶᠢ ᠠᠬᠢᠭᠤᠯᠤᠨ ᠳᠠᠶᠢᠴᠢᠯᠠᠵᠦ ᠴᠢᠳᠠᠨ᠎ᠠ᠃       ᠬᠦᠳᠡᠯᠮᠦᠷᠢ ᠶᠢᠨ ᠵᠢᠱᠢᠶᠡᠴᠢ ᠶᠢᠨ ᠵᠤᠷᠢᠭ ᠰᠠᠨᠠᠭ᠎ᠠ᠂ ᠯᠸᠢ ᠹᠤᠩ ᠤᠨ ᠵᠤᠷᠢᠭ ᠰᠠᠨᠠᠭ᠎ᠠ᠂ ᠰᠢᠨᠵᠢᠯᠡᠬᠦ ᠤᠬᠠᠭᠠᠨᠳᠠᠨ ᠤ ᠵᠤᠷᠢᠭ ᠰᠠᠨᠠᠭ᠎ᠠ᠂ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠤᠭᠰᠠᠨ ᠵᠤᠷᠢᠭ ᠰᠠᠨᠠᠭ᠎ᠠ᠂ ᠶᠠᠨ ᠠᠨ ᠤ ᠵᠤᠷᠢᠭ ᠰᠠᠨᠠᠭ᠎ᠠ ᠁ ᠭᠡᠬᠦ ᠮᠡᠳᠦ ᠶᠢᠨ ᠠᠯᠢ ᠤᠯᠠᠨ ᠵᠤᠷᠢᠭ ᠰᠠᠨᠠᠭ᠎ᠠ ᠪᠠᠷ ᠪᠦᠷᠢᠯᠳᠦᠭᠰᠡᠨ ᠵᠤᠷᠢᠭ ᠰᠠᠨᠠᠭᠠᠨ ᠤ ᠴᠠᠳᠢᠭ ᠨᠢ ᠪᠢᠳᠡᠨ ᠤ ᠦᠢᠯᠡᠰ ᠪᠤᠰᠬᠠᠬᠤ ᠤᠷᠭᠢᠯᠦᠮ᠎ᠠ ᠬᠠᠯᠠᠭᠤᠨ ᠰᠡᠳᠭᠢᠯᠭᠡ ᠶᠢ ᠬᠦᠭᠵᠢᠭᠡᠨ᠂ ᠤᠷᠤᠬᠰᠢᠯᠠᠨ ᠳᠠᠪᠰᠢᠬᠤ ᠡᠷᠴᠢ ᠵᠤᠷᠢᠭ ᠢ ᠬᠦᠪᠴᠢᠯᠡᠵᠦ ᠪᠠᠶᠢᠳᠠᠭ᠃ ᠳᠡᠳᠡᠭᠡᠷ ᠵᠤᠷᠢᠭ ᠰᠠᠨᠠᠭ᠎ᠠ ᠪᠤᠯ ᠪᠢᠳᠡᠨ ᠤ ᠰᠤᠷᠤᠯᠴᠠᠬᠤ ᠳᠠᠭᠤᠷᠢᠶᠠᠯ ᠪᠤᠯᠤᠨ᠎ᠠ᠃ ᠳᠡᠷᠡ ᠨᠢ ᠨᠢᠭᠡ ᠬᠦᠮᠦᠨ ᠪᠠᠶᠢᠵᠦ ᠮᠡᠳᠡᠨ᠎ᠡ᠂ ᠨᠢᠭᠡ ᠬᠡᠷᠡᠭ ᠤᠴᠢᠷ ᠪᠠᠶᠢᠵᠦ ᠮᠡᠳᠡᠨ᠎ᠡ᠂ ᠡᠰᠡᠭᠦᠯ᠎ᠡ ᠨᠢᠭᠡᠨ ᠵᠦᠢᠯ ᠤᠨ ᠵᠤᠷᠢᠭ ᠰᠠᠨᠠᠭ᠎ᠠ ᠴᠦ ᠪᠠᠶᠢᠵᠦ ᠮᠡᠳᠡᠨ᠎ᠡ᠂ ᠭᠡᠳᠡᠯ᠎ᠡ ᠶᠠᠭᠤ ᠪᠤᠯᠤᠬᠰᠠᠨ ᠴᠦ ᠳᠡᠷᠡ ᠨᠢ ᠪᠢᠳᠡᠨ ᠤ ᠰᠡᠳᠭᠢᠯ ᠵᠢᠷᠦᠬᠡ ᠶᠢ ᠬᠦᠨᠳᠡᠵᠦ ᠦᠢᠯᠡ ᠠᠵᠢᠯᠯᠠᠭ᠎ᠠ ᠶᠢ ᠳᠠᠶᠢᠴᠢᠯᠠᠬᠤ ᠳᠠᠭᠤᠷᠢᠶᠠᠯ ᠤᠨ ᠬᠦᠴᠦᠨ ᠪᠤᠯᠤᠨ᠎ᠠ᠃       ᠳᠠᠭᠤᠷᠢᠶᠠᠯ ᠤᠨ ᠬᠦᠴᠦᠨ ᠬᠢᠵᠠᠭᠠᠯᠠᠰᠢ ᠦᠭᠡᠢ᠃ ᠳᠠᠭᠤᠷᠢᠶᠠᠯ ᠤᠨ ᠬᠦᠴᠦᠨ ᠪᠤᠯ ᠨᠢᠭᠡᠨ ᠵᠦᠢᠯ ᠤᠨ ᠬᠦᠮᠦᠰ ᠤᠨ ᠳᠤᠳᠤᠭᠠᠳᠦ ᠰᠡᠳᠭᠢᠯᠭᠡ ᠶᠢ ᠬᠦᠭᠵᠢᠭᠡᠵᠦ ᠡᠷᠴᠢ ᠵᠤᠷᠢᠭ ᠢ ᠪᠠᠳᠠᠷᠠᠭᠤᠯᠬᠤ ᠠᠤᠭ᠎ᠠ ᠬᠦᠴᠦᠨ ᠪᠤᠯᠤᠨ᠎ᠠ᠃ ᠳᠠᠭᠤᠷᠢᠶᠠᠯ ᠨᠢ ᠨᠢᠭᠡᠨ ᠳᠤᠯᠢ ᠪᠤᠯᠵᠦ ᠪᠠᠶᠢᠳᠠᠭ᠂ ᠳᠡᠷᠡ ᠨᠢ ᠴᠢᠮᠡᠭᠡ ᠠᠨᠢᠷ ᠦᠭᠡᠢ ᠪᠤᠯᠪᠠᠴᠦ ᠡᠴᠢᠨ᠎ᠡ ᠳᠠᠯᠳᠠ ᠢᠳᠡ ᠬᠦᠴᠦᠨ ᠢᠶᠠᠷ ᠬᠦᠮᠦᠰ ᠢ ᠤᠷᠮᠠᠰᠢᠭᠤᠯᠤᠨ ᠵᠤᠷᠢᠬᠵᠢᠭᠤᠯᠵᠦ ᠪᠠᠶᠢᠳᠠᠭ᠃       ᠳᠡᠤᠬᠡ ᠶᠢᠨ ᠤᠷᠳᠦ ᠠᠶᠠᠨ ᠳᠤ ᠳᠠᠭᠤᠷᠢᠶᠠᠯ ᠪᠤᠯ ᠨᠢᠭᠡᠨ ᠬᠡᠷᠡᠯᠳᠦ ᠴᠠᠮᠬᠠᠭ ᠮᠡᠳᠦ ᠬᠦᠮᠦᠰ ᠤᠨ ᠤᠷᠤᠬᠰᠢᠯᠠᠬᠤ ᠵᠠᠮ ᠢ ᠬᠡᠷᠡᠯᠳᠦᠭᠦᠯᠵᠦ ᠪᠠᠶᠢᠳᠠᠭ᠃ ᠳᠡᠳᠡᠭᠡᠷ ᠤᠯᠠᠨ ᠬᠤᠰᠢᠭᠤᠴᠢ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠦᠯᠢᠭᠡᠷ ᠵᠢᠱᠢᠶ᠎ᠡ ᠨᠢ ᠦᠶ᠎ᠡ ᠦᠶ᠎ᠡ ᠶᠢᠨ ᠬᠦᠮᠦᠰ ᠢ ᠵᠤᠷᠢᠬᠵᠢᠭᠤᠯᠤᠨ ᠳᠠᠶᠢᠴᠢᠯᠠᠵᠦ᠂ ᠦᠷᠬᠦᠯᠵᠢᠯᠡᠨ ᠤᠷᠤᠬᠰᠢᠯᠠᠨ ᠳᠠᠪᠰᠢᠬᠤ ᠢᠳᠡ ᠬᠦᠴᠦᠨ ᠢ ᠤᠯᠭᠤᠵᠦ᠂ ᠶᠠᠭ ᠡᠶᠢᠮᠦᠷᠬᠦ ᠳᠠᠭᠤᠷᠢᠶᠠᠯ ᠤᠨ ᠬᠦᠴᠦᠨ ᠨᠢ ᠨᠡᠶᠢᠭᠡᠮ ᠤᠨ ᠬᠦᠭᠵᠢᠯᠳᠡ ᠳᠠᠪᠰᠢᠯᠳᠠ ᠶᠢ ᠳᠦᠯᠬᠢᠨ ᠠᠬᠢᠭᠤᠯᠤᠬᠰᠠᠨ ᠶᠤᠮ᠃       ᠳᠠᠭᠤᠷᠢᠶᠠᠯ ᠨᠢ ᠨᠢᠭᠡᠨ ᠵᠦᠢᠯ ᠤᠨ ᠵᠤᠷᠢᠭ ᠰᠠᠨᠠᠭ᠎ᠠ᠂ ᠨᠢᠭᠡᠨ ᠵᠦᠢᠯ ᠤᠨ ᠳᠤᠭ ᠳᠡᠮᠳᠡᠭ ᠪᠤᠯᠬᠤ ᠪᠠᠷ ᠪᠡᠷᠠᠬᠤ ᠦᠭᠡᠢ ᠨᠡᠩ ᠴᠦ ᠨᠢᠭᠡᠨ ᠵᠦᠢᠯ ᠤᠨ ᠬᠦᠴᠦᠨ ᠴᠢᠳᠠᠯ ᠪᠤᠯᠤᠨ᠎ᠠ᠃ ᠨᠢᠭᠡᠨ ᠦᠨᠳᠦᠰᠦᠳᠡᠨ ᠤ ᠬᠦᠭᠵᠢᠯᠳᠡ ᠳᠠᠪᠰᠢᠯᠳᠠ ᠨᠢ ᠳᠠᠭᠤᠷᠢᠶᠠᠯ ᠠᠴᠠ ᠰᠠᠯᠵᠦ ᠴᠢᠳᠠᠬᠤ ᠦᠭᠡᠢ᠂ ᠨᠢᠭᠡᠨ ᠤᠯᠤᠰ ᠤᠷᠤᠨ ᠤ ᠬᠦᠭᠵᠢᠯ ᠴᠡᠴᠡᠭᠯᠡᠯ ᠨᠢ ᠬᠤᠰᠢᠭᠤᠴᠢ ᠵᠢᠱᠢᠶᠡᠴᠢ ᠶᠢᠨ ᠬᠦᠳᠦᠯᠦᠨ ᠳᠠᠭᠠᠭᠤᠯᠭ᠎ᠠ ᠠᠴᠠ ᠰᠠᠯᠵᠦ ᠴᠢᠳᠠᠬᠤ ᠦᠭᠡᠢ᠃ ᠳᠡᠳᠡᠭᠡᠷ ᠤᠯᠠᠨ ᠬᠤᠰᠢᠭᠤᠴᠢ ᠵᠢᠱᠢᠶᠡᠴᠢ ᠶᠢᠨ ᠬᠦᠰᠡᠯ ᠬᠦᠭᠡᠭᠡᠴᠡᠯᠳᠦᠯ᠂ ᠵᠢᠳᠭᠦᠯ ᠴᠢᠷᠮᠠᠶᠢᠯᠭ᠎ᠠ ᠪᠠ ᠴᠢᠩᠭ᠎ᠠ ᠪᠠᠷᠢᠮᠳᠠᠯᠠᠯ ᠨᠢ ᠤᠯᠤᠰ ᠤᠷᠤᠨ ᠤ ᠳᠤᠯᠭᠠᠭᠤᠷᠢ᠂ ᠦᠨᠳᠦᠰᠦᠳᠡᠨ ᠤᠬᠰᠠᠭᠠᠳᠠᠨ ᠤ ᠨᠢᠷᠤᠭᠤᠪᠴᠢ ᠪᠤᠯᠵᠦ᠂ ᠠᠭᠤᠤ ᠦᠢᠯᠡᠰ ᠤᠨ ᠬᠦᠭᠵᠢᠯ ᠮᠠᠨᠳᠤᠯ ᠳᠤ ᠬᠢᠵᠠᠭᠠᠯᠠᠰᠢ ᠦᠭᠡᠢ ᠬᠦᠴᠦᠨ ᠴᠢᠳᠠᠯ ᠤᠯᠭᠤᠬᠰᠠᠨ ᠪᠠᠶᠢᠨ᠎ᠠ᠃ ᠳᠡᠳᠡᠨᠠᠷ ᠨᠢ ᠴᠠᠭ ᠦᠶ᠎ᠡ ᠶᠢᠨ ᠬᠡᠪ ᠳᠠᠭᠤᠷᠢᠶᠠᠯ᠂ ᠵᠤᠷᠢᠭ ᠰᠠᠨᠠᠭᠠᠨ ᠤ ᠬᠦᠴᠦᠨ ᠴᠢᠳᠠᠯ ᠮᠦᠨ᠃       ᠰᠢᠨ᠎ᠡ ᠴᠠᠭ ᠦᠶ᠎ᠡ᠂ ᠰᠢᠨ᠎ᠠ ᠠᠶᠠᠨ ᠵᠠᠮ ᠳᠤ ᠨᠡᠩ ᠤᠯᠠᠨ ᠳᠠᠭᠤᠷᠢᠶᠠᠯ ᠤᠨ ᠬᠦᠴᠦᠨ ᠢ ᠬᠡᠷᠡᠭᠰᠡᠨ᠎ᠡ᠃ ᠪᠢᠳᠡ ᠡᠳᠡᠭᠡᠷ ᠬᠤᠰᠢᠭᠤᠴᠢ ᠵᠢᠱᠢᠶᠡᠴᠢ ᠶᠢᠨ ᠵᠤᠷᠢᠭ ᠰᠠᠨᠠᠭ᠎ᠠ ᠶᠢ ᠦᠶ᠎ᠡ ᠤᠯᠠᠮᠵᠢᠯᠠᠨ ᠵᠠᠯᠭᠠᠮᠵᠢᠯᠠᠨ ᠪᠠᠳᠠᠷᠠᠭᠤᠯᠵᠦ᠂ ᠦᠢᠯᠡᠰ ᠤᠨ ᠰᠠᠶᠢᠬᠠᠨ ᠢᠷᠡᠭᠡᠳᠦᠢ ᠪᠠᠨ ᠬᠠᠮᠳᠦ ᠪᠠᠷ ᠴᠤᠬᠴᠠᠯᠠᠶ᠎ᠠ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ