ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ︾ ᠥᠷᠨᠢᠭᠦᠯᠪᠡ
ᠨᠡᠶᠢᠲᠡᠯᠡᠭᠰᠡᠨ ᠴᠠᠭ᠄
2025/5/19
      ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠪᠠᠷ ᠵᠠᠰᠠᠬᠤ ᠲᠤᠬᠠᠶ ᠣᠶᠢᠯᠠᠭᠠᠯᠲᠠ ᠶᠢ ᠴᠢᠩᠭᠠᠳᠬᠠᠨ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠥᠬᠦ ᠨᠡᠶᠢᠭᠡᠮ ᠢᠶᠠᠷ ᠢᠶᠠᠨ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠬᠠᠮᠠᠭᠠᠯᠠᠬᠤ ᠠᠭᠤᠷ ᠠᠮᠢᠰᠬᠤᠯ ᠢ ᠪᠢ ᠪᠣᠯᠭᠠᠬᠤ ᠶᠢᠨ ᠲᠥᠯᠥᠭᠡ᠂ 5 ᠰᠠᠷ᠎ᠠ ᠶᠢᠨ 16 ᠤ ᠡᠳᠦᠷ ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠪᠡ᠃
5.19林草局1.jpg
      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠲᠣᠪᠴᠢᠶ᠎ᠠ ᠶᠢᠨ ᠠᠵᠢᠯᠲᠠᠳ ᠳᠡᠯᠭᠡᠨ ᠦᠵᠡᠭᠦᠯᠬᠦ ᠰᠠᠮᠪᠠᠷ᠎ᠠ᠂ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ︽ᠦᠨᠳᠦᠰᠦᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠥᠯᠢ︾ ︽ᠢᠷᠭᠡᠨ ᠤ ᠬᠠᠤᠯᠢ ᠶᠢᠨ ᠪᠢᠴᠢᠭ ᠤᠨ ᠪᠣᠳᠠᠰ ᠤᠨ ᠪᠤᠳᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠦᠷᠢᠮ︾ ︽ᠨᠠᠢᠮᠠᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷ ᠳᠡᠪᠲᠡᠷ︾ ︽ᠲᠠᠯ᠎ᠠ ᠨᠤᠲᠤᠭ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠭᠠᠷ ᠳᠡᠪᠲᠡᠷ︾ ᠵᠡᠷᠭᠡ ᠠᠭᠤᠯᠭ᠎ᠠ ᠶᠢ ᠲᠦᠭᠡᠮᠡᠯᠵᠢᠭᠦᠯᠪᠡ᠃      ᠲᠣᠰ ᠤᠳᠠᠭᠠᠨ ᠤ ᠤᠬᠠᠭᠤᠯᠭ᠎ᠠ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢ ᠲᠦᠭᠡᠮᠡᠯᠵᠢᠭᠦᠯᠦᠭᠰᠡᠨ ᠢᠶᠠᠷ ᠪᠠᠷᠠᠬᠤ ᠥᠬᠡᠶ᠂ ᠥᠷᠭᠡᠨ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠮᠰᠠᠷ ᠢ ᠨᠠᠩ ᠪᠦᠲᠦᠮᠵᠢᠲᠡᠶ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠴᠦᠷᠬᠡᠭ ᠶᠡᠭᠡ ᠢᠳᠡᠪᠬᠢ ᠬᠦᠴᠦᠨ ᠢ ᠨᠢᠭᠲᠠᠷᠠᠭᠤᠯᠪᠠ᠃ ᠲᠠᠷᠠᠭᠠᠴᠢ ᠶᠢᠨ ᠠᠯᠬᠤᠮ ᠳᠤ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠢᠶᠠᠷ ᠴᠢᠬᠤᠯᠠ ᠠᠵᠠ ᠲᠣᠬᠢᠶᠠᠯ ᠪᠣᠯᠭᠠᠵᠤ᠂ ᠤᠬᠠᠭᠤᠯᠭ᠎ᠠ ᠶᠢᠨ ᠬᠡᠯᠪᠡᠷᠢ ᠶᠢᠨ ᠲᠠᠯ᠎ᠠ ᠪᠠᠷ ᠦᠷᠭᠦᠯᠵᠢᠯᠡᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠨ᠎ᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠢ ᠨᠢᠭᠲᠠᠷᠠᠨ ᠪᠦᠯᠬᠦᠮᠳᠡᠭᠦᠯᠵᠦ᠂ ᠠᠨᠠᠷ ᠤᠨ ᠦᠷ᠎ᠡ ᠰᠢᠭ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠴᠣᠭᠴᠠᠯᠠᠨ ᠪᠠᠶᠢᠭᠤᠯᠬᠤ᠂ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠳᠤ ᠬᠠᠮᠲᠤᠪᠠᠷ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ