5 ᠰᠠᠷ᠎ᠠ ᠶᠢᠨ 18 ᠤ ᠡᠳᠦᠷ᠂ ᠮᠠᠨ ᠤ ᠬᠤᠰᠢᠭᠤ ︽5 · 18 ᠤ ᠣᠯᠠᠨ ᠤᠯᠤᠰ ᠤᠨ ᠮᠦᠽᠧᠶ ᠶᠢᠨ ᠡᠳᠦᠷ︾ ᠤᠨ ᠠᠵᠢᠯᠯᠠᠭ᠎ᠠ ᠥᠷᠨᠢᠭᠦᠯᠵᠦ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠮᠠᠨ ᠤ ᠬᠤᠰᠢᠭᠤᠨ ᠤ ᠲᠡᠦᠬᠡ ᠰᠣᠶᠣᠯ ᠤᠨ ᠲᠤᠬᠠᠶ ᠣᠶᠢᠯᠠᠭᠠᠯᠲᠠ ᠶᠢ ᠴᠢᠩᠭᠠᠳᠬᠠᠵᠤ᠂ ᠲᠡᠤᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠦᠨᠳᠦᠰᠦᠲᠡᠨ ᠤ ᠠᠭᠤᠰᠤᠯᠴᠠᠯ ᠤᠨ ᠴᠠᠭ ᠦᠶ᠎ᠡ ᠶᠢᠨ ᠦᠨ᠎ᠡ ᠥᠷᠲᠡᠭ ᠢ ᠠᠮᠢᠳᠤᠯᠢᠭ ᠢᠶᠠᠷ ᠢᠯᠡᠷᠡᠭᠦᠯᠪᠡ᠃ | | | | ︽ᠳᠡᠭᠡᠷ᠎ᠡ ᠵᠠᠭᠤᠨ ᠤ ᠵᠢᠷᠠᠭᠠᠳ ᠣᠨ ᠤ ᠰᠡᠭᠦᠯᠴᠢ ᠠᠴᠠ ᠳᠠᠯᠠᠭᠠᠳ ᠣᠨ ᠤ ᠡᠬᠢ ᠪᠣᠯᠲᠠᠯ᠎ᠠ᠂ 2500 ᠭᠠᠷᠤᠢ ᠰᠡᠬᠡᠭᠡᠲᠡᠨ ᠵᠠᠯᠠᠭᠤᠴᠤᠳ ᠨᠠᠮ ᠤᠨ ᠲᠥᠪ | ᠬᠤᠷᠢᠶᠠᠨ ᠤ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠡᠭᠦᠷᠭᠡᠯᠡᠵᠦ᠂ ᠵᠠᠯᠭᠠᠭ᠎ᠠ ᠪᠠᠷ ᠰᠢᠨ᠎ᠡ ᠪᠠᠷᠭᠤ | ᠪᠠᠷᠠᠭᠤᠨ ᠬᠤᠰᠢᠭᠤᠨ ᠤ ᠲᠠᠯ᠎ᠠ ᠨᠤᠲᠤᠭ ᠲᠤ ᠬᠦᠷᠴᠦ ᠢᠷᠡᠪᠡ᠃ ᠵᠢᠵᠢᠭᠬᠡᠨ ᠲᠠᠶᠢᠯᠪᠤᠷᠢᠯᠠᠭᠴᠢ ᠦᠵᠡᠭᠦᠯᠦᠯᠭᠡ ᠶᠢᠨ ᠲᠢᠩᠬᠢᠮ ᠳᠤ ᠱᠤᠭᠤᠮᠠᠯ ᠤᠨ ᠡᠮᠦᠨ᠎ᠡ᠂ | ᠰᠡᠬᠡᠭᠡᠲᠡᠳ ᠤᠨ ᠤᠮᠠᠷᠠᠲᠤ ᠬᠢᠯᠢ ᠳᠤ ᠨᠤᠲᠤᠭᠯᠠᠨ᠂ ᠵᠠᠯᠠᠭᠤ ᠨᠠᠰᠤ ᠪᠠᠨ ᠵᠣᠷᠢᠭᠤᠯᠤᠭᠰᠠᠨ ᠦᠯᠢᠭᠡᠷ ᠢ ᠶᠠᠷᠢᠵᠤ ᠪᠠᠶᠢᠯ᠎ᠠ᠃ | | | | ᠰᠡᠭᠡᠭᠡᠲᠡᠨ ᠠᠭᠤᠳᠠᠮ ᠲᠠᠯᠠᠪᠠᠢ ᠳᠤ᠂ ᠮᠦᠽᠧᠢ ᠶᠢᠨ ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠰᠠᠮᠪᠠᠷ᠎ᠠ ᠳᠡᠯᠭᠡᠬᠦ ᠵᠡᠷᠭᠡ | ᠬᠡᠯᠪᠡᠷᠢ ᠪᠠᠷ ᠤᠯᠠᠨ ᠲᠦᠮᠡᠨ ᠳᠤ ᠰᠣᠶᠣᠯ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠲᠡᠦᠬᠡ | ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠦᠭᠵᠢᠭᠡᠪᠡ᠃ ᠤᠯᠠᠨ ᠢᠶᠠᠷ ᠢᠶᠠᠨ᠂ ᠥᠪᠡᠷ ᠤᠨ ᠪᠡᠶ᠎ᠡ ᠠᠴᠠ ᠪᠠᠨ ᠡᠬᠢᠯᠡᠨ | ᠬᠢᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠠᠮᠠᠭᠠᠯᠠᠭᠴᠢ ᠪᠠ ᠤᠯᠠᠮᠵᠢᠯᠠᠭᠴᠢ ᠪᠣᠯᠭᠠᠨ᠎ᠠ ᠭᠡᠵᠦ ᠢᠯᠡᠳᠬᠡᠵᠡᠭᠡᠪᠡ᠃ | ᠣᠶᠢᠷ᠎ᠠ ᠶᠢᠨ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠲᠣᠭᠤᠷᠢᠨ ᠪᠠᠶᠢᠴᠠᠭᠠᠬᠤ᠂ ᠳᠠᠩᠰᠠ | ᠡᠪᠬᠡᠮᠡᠯ ᠪᠠᠢᠭᠤᠯᠬᠤ ᠵᠡᠷᠭᠡ ᠠᠵᠢᠯ ᠢ ᠥᠷᠨᠢᠭᠦᠯᠬᠦ ᠪᠠᠷ ᠳᠠᠮᠵᠢᠭᠤᠯᠤᠨ᠂ ︽ᠵᠠᠰᠠᠭ ᠤᠨ ᠣᠷᠳᠣᠨ ᠠᠴᠠ ᠭᠤᠣᠯᠯᠠᠬᠤ᠂ ᠨᠡᠶᠢᠭᠡᠮ ᠳᠠᠶᠠᠭᠠᠷ ᠣᠷᠣᠯᠴᠠᠬᠤ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠴᠢᠳᠠᠪᠤᠷᠢ ᠣᠯᠭᠤᠬᠤ︾ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠰᠢᠨ᠎ᠡ ᠪᠠᠶᠢᠷᠢᠰᠢᠯ ᠢ ᠪᠣᠢ ᠪᠣᠯᠭᠠᠪᠠ᠃ ᠲᠠᠷᠠᠭᠠᠴᠢ ᠶᠢᠨ | ᠠᠯᠬᠤᠮ ᠳᠤ᠂ ᠮᠠᠨ ᠤ ᠬᠤᠰᠢᠭᠤ ᠦᠷᠭᠦᠯᠵᠢᠯᠡᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾ ᠪᠠᠷ ᠵᠢᠯᠣᠭᠤᠳᠣᠯᠭ᠎ᠠ ᠪᠣᠯᠭᠠᠨ᠂ ᠲᠦᠷᠭᠡᠨ ᠬᠤᠪᠢᠰᠤᠯᠲᠠ ᠶᠢᠨ ᠴᠠᠭ ᠦᠶ᠎ᠡ ᠶᠢᠨ ᠤᠷᠤᠰᠬᠠᠯ ᠳᠤᠮᠳᠠ | ᠰᠣᠶᠣᠯ ᠤᠨ ᠦᠨᠳᠦᠰᠦ ᠰᠤᠳᠠᠰᠤ ᠶᠢ ᠪᠠᠲᠤ ᠰᠠᠬᠢᠵᠤ᠂ ᠤᠮᠠᠷᠠᠲᠤ ᠬᠢᠯᠢ ᠶᠢᠨ ᠰᠣᠶᠣᠯ ᠤᠨ ᠥᠪ ᠢ ᠬᠠᠮᠠᠭᠠᠯᠠᠬᠤ ᠳᠤᠮᠳᠠ ᠤᠯᠠᠮᠵᠢᠯᠠᠨ ᠵᠠᠯᠭᠠᠮᠵᠢᠯᠠᠵᠤ᠂ ᠰᠢᠨ᠎ᠡ ᠶᠢ | ᠡᠭᠦᠳᠬᠦ ᠳᠤᠮᠳᠠ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠪᠠᠶᠢᠭᠤᠯᠬᠤ ᠳᠤ ᠰᠣᠶᠣᠯ | ᠦᠵᠡᠰᠬᠦᠯᠡᠩ ᠤᠨ ᠬᠦᠴᠦᠨ ᠴᠢᠳᠠᠯ ᠢᠶᠠᠨ ᠡᠷᠭᠦᠨ᠎ᠡ᠃ | | |