ᠣᠶᠢᠷ᠎ᠠ ᠳᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ | ᠣᠯᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠨᠢᠭᠡ ᠪᠦᠯᠦᠭ ᠨᠠᠮ ᠤᠨ ᠭᠡᠰᠢᠭᠦᠨ ᠺᠠᠳ᠋ᠷ ᠲᠤ ᠮᠥᠨ ᠬᠦ ᠵᠣᠷᠢᠯᠲᠠ ᠠᠴᠠ ᠲᠡᠷᠰᠯᠡᠬᠦ᠂ ᠣᠯᠠᠨ | ᠲᠦᠮᠡᠨ ᠠᠴᠠ ᠬᠥᠨᠳᠡᠶᠢᠷᠡᠬᠦ ᠰᠤᠷᠲᠠᠯ ᠤᠨ ᠠᠷᠬᠠᠭ ᠭᠡᠮ ᠣᠷᠣᠰᠢᠵᠤ ᠪᠠᠶᠢᠬᠤ ᠶᠢ ᠢᠯᠡᠷᠡᠭᠦᠯᠪᠡ᠃ ︽ᠨᠠᠶᠢᠷ ᠲᠠᠯ᠎ᠠ ᠶᠢᠨ ᠶᠠᠪᠤᠯᠴᠠᠭ᠎ᠠ︾ ᠢᠢᠨ ᠵᠠᠩᠴᠢ ᠶᠢ | ᠨᠥᠮᠥᠷᠴᠦ᠂ ᠡᠷᠬᠡ ᠪᠠᠨ ᠠᠰᠢᠭᠯᠠᠨ ᠬᠤᠪᠢ ᠶᠢᠨ ᠠᠰᠢᠭ ᠬᠥᠭᠡᠭᠡᠴᠡᠯᠳᠦᠬᠦ ᠵᠠᠷᠢᠮ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠨᠢ ᠮᠥᠨ ᠴᠢᠨᠠᠷ | ᠳᠡᠭᠡᠷ᠎ᠡ ᠪᠠᠨ ᠴᠥᠮ ᠬᠤᠪᠢ ᠬᠥᠮᠦᠨ ᠤ ᠳᠤᠷ᠎ᠠ ᠬᠦᠰᠡᠯ ᠢᠶᠠᠨ ᠠᠷᠠᠳ ᠲᠦᠮᠡᠨ ᠤ ᠠᠰᠢᠭ ᠲᠤᠰᠠ ᠠᠴᠠ ᠳᠡᠭᠡᠭᠦᠷ ᠲᠠᠯᠪᠢᠵᠤ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠠᠷᠠᠳ ᠲᠦᠮᠡᠨ ᠤ ᠵᠣᠭᠰᠣᠯᠲᠠ ᠠᠴᠠ ᠲᠡᠷᠰᠯᠡᠵᠦ ᠪᠠᠶᠢᠳᠠᠭ᠃ | ᠨᠠᠮ ᠤᠨ ᠬᠠᠮᠤᠭ ᠤᠨ ᠶᠡᠭᠡ ᠤᠯᠤᠰ ᠲᠦᠷᠦ ᠶᠢᠨ ᠳᠠᠪᠠᠭᠤᠯᠢᠭ ᠪᠣᠯ ᠤᠯᠠᠨ ᠲᠦᠮᠡᠨ ᠲᠠᠢ ᠨᠢᠭᠲᠠ ᠬᠠᠷᠢᠯᠴᠠᠬᠤ ᠶᠠᠪᠤᠳᠠᠯ ᠪᠣᠯᠤᠨ᠎ᠠ᠂ ᠨᠠᠮ ᠲᠦᠷᠦ | ᠪᠠᠷᠢᠭᠰᠠᠨ ᠤ ᠳᠠᠷᠠᠭᠠᠬᠢ ᠬᠠᠮᠤᠭ ᠤᠨ ᠶᠡᠭᠡ ᠠᠶᠤᠯ ᠲᠦᠭᠰᠢᠭᠦᠷᠢ ᠪᠣᠯ ᠤᠯᠠᠨ ᠲᠦᠮᠡᠨ ᠠᠴᠠ ᠬᠥᠨᠳᠡᠶᠢᠷᠡᠬᠦ ᠶᠠᠪᠤᠳᠠᠯ ᠪᠣᠯᠤᠨ᠎ᠠ᠃ ᠬᠡᠰᠡᠭ ᠬᠤᠭᠤᠴᠠᠭᠠᠨ ᠤ ᠲᠤᠷᠰᠢ᠂ | ᠣᠨᠴᠠ ᠵᠠᠷᠢᠮ ᠺᠠᠳ᠋ᠷ ︽ᠠᠯᠪᠠᠨ ᠭᠡᠷ ᠤᠨ ᠰᠢᠢᠳᠪᠦᠷᠢᠲᠦ ᠪᠤᠳᠤᠯᠭ᠎ᠠ︾ ᠶᠢ ᠪᠠᠲᠤ ᠢᠲᠡᠭᠡᠵᠦ᠂ ᠲᠣᠭᠠᠴᠢᠯᠠᠭᠰᠠᠨ ᠮᠡᠳᠡᠭᠦᠯᠦᠯᠲᠡ ᠶᠢᠨ ᠬᠦᠰᠦᠨᠦᠭᠲᠦ ᠪᠠᠷ | ᠬᠡᠭᠡᠷ᠎ᠡ ᠶᠢᠨ ᠪᠠᠶᠢᠴᠠᠭᠠᠯᠲᠠ ᠶᠢ ᠣᠷᠣᠯᠠᠭᠤᠯᠪᠠ︔ ᠵᠠᠷᠢᠮ ᠦᠨᠳᠦᠰᠦᠨ ᠱᠠᠲᠤᠨ ᠤ ᠪᠠᠶᠢᠴᠠᠭᠠᠨ ᠰᠤᠳᠤᠯᠤᠯᠲᠠ ᠳᠤ ︽ᠬᠡᠯᠪᠡᠷᠢᠴᠢ ᠦᠵᠡᠯ ᠤᠨ ᠠᠵᠢᠯᠯᠠᠭ᠎ᠠ︾᠂ ︽ | ᠦᠡᠭᠭᠡᠪᠴᠢ ᠪᠠ ᠬᠡᠯᠪᠡᠷᠢ ᠶᠢᠨ ᠲᠡᠳᠦᠢ ᠠᠵᠢᠯᠯᠠᠬᠤ︾ ᠪᠠᠶᠢᠳᠠᠯ ᠢᠯᠡᠷᠡᠵᠦ᠂ ᠤᠯᠠᠨ ᠲᠦᠮᠡᠨ ᠤ ᠦᠨᠡᠨ ᠪᠣᠳᠠᠲᠠᠢ ᠬᠡᠷᠡᠭᠴᠡᠭᠡ ᠶᠢ ᠣᠮᠲᠣᠭᠠᠶᠢᠯᠠᠭᠰᠠᠨ ᠪᠠᠶᠢᠨ᠎ᠠ︔ | ᠵᠠᠷᠢᠮ ᠭᠠᠵᠠᠷ ᠤᠨ ᠬᠢᠨ ︽ᠫᠤᠩᠰᠡᠳᠤ ᠦᠵᠡᠮᠵᠢ ᠶᠢᠨ ᠢᠨᠵᠤᠨᠤᠷᠢᠩ︾ ᠢ ᠯᠡ ᠬᠥᠭᠡᠭᠡᠴᠡᠯᠳᠦᠵᠦ᠂ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠳᠦᠷᠢ | ᠲᠥᠷᠬᠦ ᠶᠢᠨ ᠢᠨᠵᠧᠨᠧᠷᠢᠩ ᠪᠣᠯᠭᠠᠨ ᠬᠤᠪᠢᠷᠠᠭᠤᠯᠵᠤ ᠪᠠᠶᠢᠨ᠎ᠠ᠃ ᠡᠳᠡᠭᠡᠷ ᠰᠤᠷᠲᠠᠯ ᠤᠨ ᠠᠰᠠᠭᠤᠳᠠᠯ ᠨᠢ ᠨᠠᠮ ᠪᠠ ᠵᠠᠰᠠᠭ ᠤᠨ ᠣᠷᠳᠣᠨ ᠤ ᠠᠷᠠᠳ ᠤᠯᠠᠨ ᠤ | ᠰᠡᠳᠭᠢᠯ ᠳᠠᠬᠢ ᠲᠦᠷᠢ ᠲᠥᠷᠬᠦ ᠶᠢ ᠮᠠᠰᠢ ᠠᠮᠠᠷᠬᠠᠨ ᠬᠤᠬᠢᠷᠠᠭᠤᠯᠳᠠᠭ᠃ | ᠠᠷᠠᠳ ᠲᠦᠮᠡᠨ ᠪᠣᠯ ᠢᠮᠠᠭᠲᠠ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠮᠤᠭ ᠤᠨ ᠪᠠᠲᠤ ᠴᠢᠩᠭ᠎ᠠ ᠥᠮᠥᠭ ᠲᠦᠰᠢᠭ ᠮᠥᠨ᠃ | ᠠᠷᠠᠳ ᠲᠦᠮᠡᠨ ᠲᠠᠢ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠴᠢᠰᠤ ᠮᠢᠬᠠᠨ ᠤ ᠪᠠᠷᠢᠯᠳᠤᠯᠭ᠎ᠠ ᠲᠠᠢ ᠪᠤᠯᠵᠤ ᠦᠬᠦᠵᠦ ᠰᠡᠭᠡᠬᠦ ᠪᠠᠨ ᠬᠠᠮᠲᠤᠳᠬᠠᠬᠤ ᠪᠣᠯ | ᠮᠠᠨ ᠤ ᠨᠠᠮ ᠤᠨ ᠠᠯᠢᠪᠠ ᠬᠦᠴᠢᠷ ᠪᠡᠷᠬᠡᠰᠢᠶᠡᠯ ᠪᠠ ᠠᠶᠤᠯ ᠲᠦᠭᠰᠢᠭᠦᠷᠢ ᠶᠢ ᠢᠯᠠᠨ ᠳᠠᠪᠠᠭ᠋ᠤ ᠦᠨᠳᠦᠰᠦᠨ ᠪᠠᠲᠤᠯᠠᠭ᠎ᠠ ᠮᠥᠨ᠃ ᠥᠷᠭᠡᠨ ᠤᠯᠠᠨ ᠨᠠᠮ ᠤᠨ | ᠭᠡᠰᠢᠭᠦᠨ ᠺᠠᠳ᠋ᠷ ᠢᠮᠠᠭᠲᠠ ᠠᠷᠠᠳ ᠲᠦᠮᠡᠨ ᠢ ᠰᠡᠳᠭᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠵᠣᠭᠰᠣᠯᠲᠠ ᠳᠤ | ᠪᠠᠲᠤ ᠵᠣᠭᠰᠣᠵᠤ᠂ ᠠᠷᠠᠳ ᠤᠨ ᠲᠥᠯᠥᠭᠡ ᠭᠡᠬᠦ ᠬᠠᠶᠢᠷ᠎ᠠ ᠰᠡᠳᠭᠢᠯᠭᠡ ᠪᠠᠨ ᠵᠤᠵᠠᠭᠠᠳᠬᠠᠵᠤ᠂ ᠰᠢᠨ᠎ᠡ ᠪᠠᠶᠢᠳᠠᠯ ᠳᠣᠣᠷᠠᠬᠢ ᠤᠯᠠᠨ ᠲᠦᠮᠡᠨ ᠤ ᠠᠵᠢᠯ ᠤᠨ ᠣᠨᠴᠠᠯᠢᠭ | ᠪᠣᠯᠤᠨ ᠵᠢᠮ᠎ᠡ ᠶᠣᠰᠣ ᠶᠢ ᠡᠵᠡᠮᠳᠡᠵᠦ᠂ ᠤᠯᠠᠨ ᠲᠦᠮᠡᠨᠴᠢ ᠱᠤᠭᠤᠮ ᠢᠶᠠᠷ ᠲᠦᠷᠦᠭᠦᠯᠡᠨ ᠰᠠᠶᠢᠲᠤᠷ ᠵᠠᠮᠨᠠᠬᠤ ᠬᠡᠷᠡᠭᠲᠡᠢ᠃ | ᠠᠷᠠᠳ ᠤᠨ ᠰᠡᠳᠭᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ︽ᠠᠷᠠᠳ ᠲᠦᠮᠡᠨ ᠢ ᠳᠡᠭᠡᠳᠦᠯᠡᠬᠦ︾ | ᠣᠶᠢᠯᠠᠭᠠᠭᠳᠠᠬᠤᠨ ᠢ ᠪᠣᠳᠠᠲᠠᠶ ᠶᠢ ᠡᠷᠬᠢᠮᠯᠡᠬᠦ ᠠᠵᠢᠯᠯᠠᠭ᠎ᠠ ᠪᠣᠯᠭᠠᠨ ᠬᠤᠪᠢᠷᠠᠭᠤᠯᠵᠤ᠂ ᠣᠯᠠᠨ ᠲᠦᠮᠡᠨ ᠳᠤ ᠦᠨᠡᠨ ᠰᠡᠳᠭᠢᠯ ᠠᠴᠠ ᠪᠠᠨ ᠪᠣᠳᠠᠲᠤ ᠶᠠᠪᠤᠳᠠᠯ ᠬᠢᠵᠦ᠂ | ᠰᠠᠶᠢᠨ ᠶᠠᠪᠤᠳᠠᠯ ᠬᠢᠵᠦ᠂ ᠪᠤᠶᠠᠨ ᠦᠢᠯᠡᠳᠴᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠦᠨᠡᠨ ᠬᠦ ᠨᠡᠮᠡᠭᠳᠡᠭᠦᠯᠬᠦ ᠬᠡᠷᠡᠭᠲᠡᠶ᠃ ᠠᠵᠢᠯ ᠤᠨ ᠰᠤᠷᠲᠠᠯ ᠢᠶᠠᠨ ᠲᠠᠰᠤᠷᠠᠯᠲᠠ ᠥᠬᠡᠶ ᠰᠠᠶᠢᠵᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠳᠤ | ᠭᠦᠨᠵᠡᠭᠡᠶᠢᠷᠡᠵᠦ᠂ ᠣᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠣᠯᠠᠨ ᠲᠦᠮᠡᠨ ᠤ ᠪᠣᠳᠣᠯ ᠰᠠᠨᠠᠯ ᠬᠦᠰᠡᠯ ᠡᠷᠡᠮᠡᠯᠵᠡᠯ ᠢ ᠣᠶᠢᠯᠠᠭᠠᠬᠤ ᠬᠡᠷᠡᠭᠲᠡᠶ︔ ᠨᠡᠩ ᠴᠤ ︽ | ᠰᠤᠷᠲᠠᠯ ᠤᠨ ᠪᠠᠶᠢᠭᠤᠯᠤᠯᠲᠠ ᠬᠡᠵᠢᠶᠡᠳᠡ ᠳᠠᠭᠤᠰᠤᠰᠢ ᠦᠭᠡᠢ︾ ᠰᠡᠷᠭᠡᠭ ᠪᠠᠶᠢᠳᠠᠯ ᠢ ᠪᠠᠲᠤᠯᠠᠵᠤ᠂ ᠢᠮᠠᠭᠲᠠ ᠪᠢᠰᠢᠷᠡᠬᠦ ᠵᠢᠷᠦᠬᠡᠰᠢᠶᠡᠬᠦ ᠰᠡᠳᠭᠢᠯᠭᠡ ᠶᠢ ᠡᠪᠦᠷᠯᠡᠨ᠂ | ᠭᠠᠵᠢᠭᠤ ᠰᠤᠷᠲᠠᠯ ᠢ ᠡᠰᠡᠷᠭᠦᠴᠡᠨ ᠬᠤᠷᠢᠭᠯᠠᠵᠤ᠂ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠲᠥᠪ ᠭᠤᠣᠯᠴᠢ ᠪᠠᠷ ᠡᠷᠬᠡ ᠪᠠᠨ | ᠬᠡᠷᠡᠭᠯᠡᠬᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ ᠠᠷᠠᠳ ᠤᠨ ᠲᠥᠯᠥᠭᠡ ᠡᠷᠬᠡ ᠪᠠᠨ ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠪᠡᠶᠡᠯᠡᠭᠦᠯᠬᠦ | ᠬᠡᠷᠡᠭᠲᠡᠢ᠃ | ᠲᠦᠷᠦ ᠶᠢᠨ ᠮᠠᠨᠳᠤᠯ ᠨᠢ ᠠᠷᠠᠳ ᠤᠨ ᠰᠡᠳᠭᠢᠯ ᠳᠤ ᠨᠡᠶᠢᠴᠡᠭᠦᠯᠬᠦ ᠳᠤ ᠪᠤᠢ᠃ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠣᠯᠴᠠᠬᠤ ᠵᠠᠮ ᠳᠡᠭᠡᠷ᠎ᠡ᠂ | ᠭᠠᠭᠴᠠ ᠬᠦ ᠢᠮᠠᠭᠲᠠ ᠠᠷᠠᠳ ᠲᠦᠮᠡᠨ ᠢ ᠰᠡᠳᠭᠢᠯ ᠵᠢᠷᠦᠬᠡᠨ ᠳᠡᠭᠡᠨ ᠳᠡᠭᠡᠳᠦᠯᠡᠵᠦ᠂ ᠰᠤᠷᠲᠠᠯ ᠤᠨ ᠪᠠᠶᠢᠭᠤᠯᠤᠯᠲᠠ ᠶᠢᠨ ᠳᠤᠮᠳᠠ ᠲᠦᠷᠦ ᠪᠠᠷᠢᠬᠤ ᠰᠠᠭᠤᠷᠢ ᠶᠢ | ᠪᠠᠬᠢᠵᠢᠭᠦᠯᠪᠡᠯ ᠰᠠᠶ᠋ᠢ ᠰᠡᠷᠭᠦᠨ ᠮᠠᠨᠳᠤᠯᠲᠠ ᠶᠢᠨ ᠠᠶᠠᠨ ᠳᠤ ᠲᠦᠭ ᠲᠦᠮᠡᠨ ᠬᠥᠮᠦᠨ ᠤ ᠠᠤᠭ᠎ᠠ ᠬᠦᠴᠦᠨ ᠢ ᠨᠢᠭᠲᠠᠷᠠᠭᠤᠯᠵᠤ ᠴᠢᠳᠠᠨ᠎ᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠬᠢᠯᠭᠠᠨ ᠮᠡᠳᠡᠭᠡ︶ |