ᠨᠠᠮᠴᠢ ᠴᠢᠨᠠᠷ ᠤᠨ ᠬᠥᠮᠦᠵᠢᠯ ᠪᠣᠯ ᠡᠪ ᠬᠠᠮᠲᠤᠴᠤᠳ ᠤᠨ ᠪᠡᠶ᠎ᠠ ᠪᠠᠨ ᠵᠠᠰᠠᠵᠤ ᠴᠢᠨᠠᠷ ᠢᠶᠠᠨ ᠲᠡᠵᠢᠭᠡᠬᠦ ᠵᠠᠪᠠᠯ ᠰᠤᠷᠬᠤ ᠬᠢᠴᠢᠶᠡᠯ ᠮᠥᠨ᠂ ᠪᠠᠰᠠ ᠴᠤ ᠡᠪ | ᠬᠠᠮᠲᠤᠴᠤᠳ ᠤᠨ ︽ᠰᠡᠳᠭᠢᠯ ᠤᠨ ᠰᠤᠷᠭᠠᠯ︾ ᠮᠥᠨ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠰᠤᠷᠲᠠᠯ ᠤᠨ | ᠪᠠᠶᠢᠭᠤᠯᠤᠯᠲᠠ ᠶᠢ ᠠᠳᠬᠤᠬᠤ ᠳᠤ᠂ ᠪᠣᠷᠣᠭᠵᠢᠭᠤᠨ ᠪᠠᠶᠢᠳᠠᠯ ᠢᠶᠠᠨ ᠪᠠᠷᠢᠮᠳᠠᠯᠠᠵᠤ᠂ ᠰᠠᠭᠤᠷᠢ ᠪᠠᠨ ᠪᠠᠬᠢᠵᠢᠭᠦᠯᠦᠨ ᠦᠨᠳᠦᠰᠦ ᠪᠠᠨ ᠪᠠᠳᠤᠳᠬᠠᠵᠤ᠂ ᠬᠦᠰᠡᠯᠡᠩ | ᠢᠲᠡᠭᠡᠯ ᠪᠢᠰᠢᠷᠡᠯ ᠢᠶᠠᠨ ᠪᠠᠲᠤᠳᠬᠠᠵᠤ᠂ ᠦᠨᠳᠦᠰᠦᠨ ᠵᠣᠷᠢᠯᠲᠠ ᠪᠠᠨ ᠦᠢᠯᠡᠳᠦᠯᠭᠡᠵᠢᠭᠦᠯᠵᠦ᠂ ᠶᠣᠰᠣ ᠰᠤᠷᠲᠠᠬᠤᠨ ᠤ ᠪᠣᠯᠪᠠᠰᠤᠷᠠᠯ ᠢᠶᠠᠨ ᠴᠢᠩᠭᠠᠳᠬᠠᠬᠤ ᠬᠡᠷᠡᠭᠲᠡᠢ᠃ | | ᠰᠤᠷᠲᠠᠯ ᠤᠨ ᠠᠰᠠᠭᠤᠳᠠᠯ ᠪᠣᠯ ᠮᠥᠨ ᠴᠢᠨᠠᠷ ᠳᠡᠭᠡᠷ᠎ᠡ ᠪᠠᠨ ᠨᠠᠮᠴᠢ ᠴᠢᠨᠠᠷ ᠤᠨ ᠠᠰᠠᠭᠤᠳᠠᠯ ᠮᠥᠨ᠃ ᠲᠦᠷᠦᠭᠦᠬᠡᠨ᠂ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ 10 ᠨᠡᠶᠢᠲᠡᠯᠢᠭ | ᠠᠰᠠᠭᠤᠳᠠᠯ ᠢ ᠢᠯᠡ ᠵᠠᠷᠯᠠᠵᠤ᠂ ᠵᠠᠷᠢᠮ ᠨᠢ ᠲᠣᠭᠲᠠᠭᠠᠯ ᠠᠴᠠ ᠵᠥᠷᠢᠴᠡᠨ ᠪᠡᠯᠡᠭ ᠰᠡᠯᠲᠡ᠂ ᠪᠡᠯᠡᠭ ᠤᠨ ᠵᠣᠭᠤᠰ ᠠᠪᠤᠭᠰᠠᠨ︔ ᠵᠠᠷᠢᠮ ᠨᠢ ᠰᠤᠷᠤᠯᠴᠠᠵᠤ ᠰᠢᠨᠵᠢᠯᠡᠨ | ᠪᠠᠶᠢᠴᠠᠭᠠᠬᠤ ᠨᠡᠷ᠎ᠡ ᠪᠠᠷ ᠠᠯᠪᠠᠨ ᠤ ᠵᠣᠭᠤᠰ ᠢᠶᠠᠷ ᠵᠢᠭᠤᠯᠴᠢᠯᠠᠭᠰᠠᠨ︔ ᠵᠠᠷᠢᠮ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠵᠡᠷᠭᠡ ᠲᠠᠯ᠎ᠠ ᠪᠠᠷ ᠨᠠᠵᠠᠭᠠᠶᠢᠷᠠᠨ ᠠᠵᠢᠯ ᠬᠢᠬᠦ ᠦᠭᠡᠢ ᠪᠤᠶᠤ ᠳᠤᠷ᠎ᠠ ᠪᠠᠷ ᠢᠶᠠᠨ ᠬᠢᠭᠰᠡᠨ᠃ ᠦᠵᠡᠯ ᠰᠠᠨᠠᠭᠠᠨ ᠤ ︽ᠶᠡᠷᠦᠩᠬᠡᠢ ᠨᠡᠭᠡᠭᠡᠯᠭᠡ︾ ᠶᠢ | ᠴᠢᠩᠭ᠎ᠠ ᠮᠤᠰᠭᠢᠭᠰᠡᠨ ᠦᠭᠡᠢ᠂ ᠵᠥᠪ ᠪᠤᠷᠤᠭᠤ ᠶᠢᠨ ᠲᠤᠬᠠᠢ ᠦᠵᠡᠯᠲᠡ᠂ ᠵᠢᠷᠤᠮ ᠠᠰᠢᠭ ᠤᠨ ᠲᠤᠬᠠᠢ ᠦᠵᠡᠯᠲᠡ᠂ ᠡᠷᠬᠡ ᠶᠢᠨ ᠲᠤᠬᠠᠢ ᠦᠵᠡᠯᠲᠡ᠂ ᠠᠵᠢᠯ | ᠦᠢᠯᠡᠰ ᠤᠨ ᠲᠤᠬᠠᠢ ᠦᠵᠡᠯᠲᠡ ᠪᠠᠭᠤᠷᠠᠢ ᠪᠠᠶᠢᠪᠠᠯ ᠡᠯ᠎ᠡ ᠵᠦᠢᠯ ᠤᠨ ᠵᠠᠭᠠᠭ ᠬᠢᠵᠠᠭᠠᠷ ᠠᠴᠠ ᠳᠠᠪᠠᠭ᠋ᠤ᠂ ᠠᠯᠳᠠᠭ᠎ᠠ ᠪᠤᠷᠤᠭᠤ ᠭᠠᠷᠭᠠᠬᠤ ᠨᠢ ᠵᠠᠶᠢᠯᠠᠰᠢ ᠦᠭᠡᠢ ᠶᠤᠮ᠃ | | ᠲᠥᠪ ᠰᠤᠷᠲᠠᠯ ᠢ ᠪᠠᠷᠢᠮᠳᠠᠯᠠᠨ᠂ ᠭᠠᠵᠢᠭᠤ ᠰᠤᠷᠲᠠᠯ ᠢ ᠲᠡᠪᠴᠢᠬᠦ ᠬᠡᠷᠡᠭᠲᠡᠢ᠃ ᠡᠪ ᠬᠠᠮᠲᠤᠴᠤᠳ ᠤᠨ ︽ᠰᠡᠳᠭᠢᠯ ᠤᠨ ᠰᠤᠷᠭᠠᠯ︾ ᠢ ᠳᠠᠪᠲᠠᠨ | ᠪᠣᠯᠪᠠᠰᠤᠷᠠᠭᠤᠯᠬᠤ ᠳᠤ᠂ ᠪᠡᠶᠡᠴᠢ ᠵᠢᠷᠲᠢᠨᠴᠦ ᠪᠠᠨ ᠥᠭᠡᠷᠡᠴᠢᠯᠡᠬᠦ ᠶᠢ ᠴᠢᠩᠭᠠᠳᠬᠠᠵᠤ᠂ ᠬᠤᠪᠢ ᠬᠥᠮᠦᠨ ᠤ ᠪᠣᠯᠪᠠᠰᠤᠷᠠᠯ ᠪᠣᠯᠤᠨ ᠤᠯᠤᠰ ᠲᠦᠷᠦ ᠶᠢᠨ ᠬᠡᠪ ᠴᠢᠨᠠᠷ ᠢ | ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠡᠳᠭᠢᠯ ᠳᠡᠭᠡᠨ ᠨᠠᠮ ᠢᠶᠠᠨ ᠪᠤᠳᠤᠬᠤ᠂ ᠰᠡᠳᠭᠢᠯ ᠳᠡᠭᠡᠨ ᠠᠷᠠᠳ ᠲᠦᠮᠡᠨ ᠢ ᠪᠤᠳᠤᠬᠤ᠂ ᠰᠡᠳᠭᠢᠯ ᠳᠡᠭᠡᠨ ᠬᠠᠷᠢᠭᠤᠴᠠᠯᠭ᠎ᠠ ᠲᠠᠢ | ᠂ ᠰᠡᠳᠭᠢᠯ ᠳᠡᠭᠡᠨ ᠴᠡᠭᠡᠷ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠰᠡᠳᠭᠢᠯ ᠳᠡᠭᠡᠨ ᠨᠠᠮ ᠢ ᠪᠤᠳᠤᠬᠤ ᠳᠤ ᠴᠠᠭ ᠢᠮᠠᠭᠲᠠ ᠨᠠᠮ ᠤᠨ ᠲᠥᠪ ᠬᠤᠷᠢᠶ᠎ᠠ ᠲᠠᠢ ︽ | ᠪᠠᠷᠢᠮᠵᠢᠶᠠᠯᠠᠵᠤ︾᠂ ᠨᠠᠮ ᠤᠨ ᠲᠦᠷᠢᠮ ᠨᠠᠮ ᠤᠨ ᠲᠣᠭᠲᠠᠭᠠᠯ ᠢ ᠰᠠᠬᠢᠪᠠᠯ ᠰᠠᠶ᠋ᠢ ᠤᠯᠤᠰ ᠲᠦᠷᠦ ᠶᠢᠨ ᠴᠢᠭᠯᠡᠯ ᠢᠶᠠᠨ ᠠᠯᠳᠠᠬᠤ ᠦᠭᠡᠢ ᠪᠠᠷ ᠵᠠᠮᠨᠠᠵᠤ ᠴᠢᠳᠠᠬᠤ ᠶᠤᠮ︔ | ᠠᠷᠠᠳ ᠲᠦᠮᠡᠨ ᠢ ᠰᠡᠳᠭᠢᠯ ᠳᠡᠭᠡᠨ ᠪᠤᠳᠤᠵᠤ᠂ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠢ ᠤᠶᠢᠯᠠᠭᠠᠵᠤ᠂ ᠣᠭ ᠰᠠᠨᠠᠭ᠎ᠠ ᠪᠠᠨ ᠲᠠᠰᠤᠷᠠᠯᠳᠠ ᠦᠭᠡᠢ | ᠪᠠᠳᠤᠳᠬᠠᠵᠤ᠂ ᠣᠭ ᠰᠠᠨᠠᠭ᠎ᠠ ᠪᠠᠨ ᠰᠠᠬᠢᠨ ᠬᠠᠮᠠᠭᠠᠯᠠᠪᠠᠯ ᠰᠠᠶ᠋ᠢ ᠵᠠᠰᠠᠭ ᠤᠨ ᠠᠵᠢᠯ ᠤᠨ ᠪᠦᠲᠦᠮᠵᠢ ᠶᠢ ᠠᠷᠠᠳ ᠤᠨ ᠰᠠᠨᠠᠭ᠎ᠠ ᠠᠴᠠ ᠳᠡᠭᠡᠭᠦᠷ ᠪᠠᠶᠢᠯᠭᠠᠬᠤ ᠥᠬᠡᠶ | ᠶᠤᠮ︔ ᠰᠡᠳᠭᠢᠯ ᠳᠡᠭᠡᠨ ᠬᠠᠷᠢᠭᠤᠴᠠᠯᠭ᠎ᠠ ᠲᠠᠢ ᠪᠠᠶᠢᠵᠤ᠂ ᠡᠷᠡᠮᠡᠬᠡᠶᠢᠯᠡᠨ ᠤᠷᠤᠭᠰᠢᠯᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠪᠠᠯ ᠰᠠᠶ᠋ᠢ ᠬᠥᠭᠵᠢᠯᠲᠡ ᠶᠢᠨ | ᠳᠤᠮᠳᠠᠬᠢ ᠡᠯ᠎ᠡ ᠵᠦᠢᠯ ᠤᠨ ᠵᠥᠷᠢᠴᠡᠯ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠴᠢᠳᠠᠬᠤ ᠶᠤᠮ︔ ᠰᠡᠳᠭᠢᠯ ᠳᠡᠭᠡᠨ ᠴᠡᠭᠡᠷ ᠲᠠᠢ ᠪᠠᠶᠢᠵᠤ᠂ ᠬᠡᠵᠢᠶᠡᠳᠡ | ᠳᠤᠷ᠎ᠠ ᠪᠠᠷ ᠢᠶᠠᠨ ᠬᠢᠬᠦ ᠦᠭᠡᠢ᠂ ᠶᠤᠰᠤ ᠠᠯᠳᠠᠬᠤ ᠦᠭᠡᠢ᠂ ᠳᠦᠷᠢᠮ ᠠᠴᠠ ᠵᠥᠷᠢᠴᠡᠬᠦ ᠦᠭᠡᠢ ᠪᠠᠶᠢᠪᠠᠯ ᠰᠠᠶ᠋ᠢ ᠬᠠᠤᠯᠢ ᠶᠣᠰᠣᠭᠠᠷ ᠠᠷᠢᠭᠤᠨ ᠴᠢᠬᠡᠴᠢ ᠪᠠᠷ | ᠡᠷᠬᠡ ᠪᠠᠨ ᠬᠡᠷᠡᠭᠯᠡᠵᠦ ᠴᠢᠳᠠᠬᠤ ᠶᠤᠮ᠃ ᠮᠡᠳᠡᠬᠦ ᠬᠢᠬᠦ ᠶᠢ ᠨᠢᠭᠡᠳᠭᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠳᠠᠢ᠃ ︽ᠮᠡᠳᠡᠬᠦ︾ | ᠶᠢᠨ ᠵᠣᠷᠢᠯᠭ᠎ᠠ ᠨᠢ ︽ᠬᠢᠬᠦ︾ ᠳᠤ ᠪᠠᠶᠢᠵᠤ᠂ ᠡᠪ ᠬᠠᠮᠲᠤᠴᠤᠳ ᠤᠨ ︽ᠰᠡᠳᠭᠢᠯ ᠤᠨ ᠰᠤᠷᠭᠠᠯ︾ ᠢ ᠳᠠᠪᠳᠠᠨ ᠪᠣᠯᠪᠠᠰᠤᠷᠠᠭᠤᠯᠬᠤ ᠶᠢᠨ ᠵᠤᠷᠢᠯᠭ᠎ᠠ ᠨᠢ | ᠰᠤᠷᠤᠭᠰᠠᠨ ᠢᠶᠠᠨ ᠬᠡᠷᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠬᠤ ᠳᠤ ᠪᠠᠶᠢᠵᠤ᠂ ᠡᠴᠦᠰ ᠲᠡᠭᠡᠨ ᠪᠣᠳᠠᠲᠠᠢ ᠠᠵᠢᠯᠯᠠᠭ᠎ᠠ ᠪᠠᠷ ᠬᠥᠭᠵᠢᠯᠲᠡ ᠶᠢ ᠠᠬᠢᠭᠤᠯᠬᠤ | ᠳᠡᠭᠡᠷ᠎ᠡ ᠨᠠᠶᠢᠳᠠᠪᠤᠷᠢᠵᠢᠭᠤᠯᠬᠤ ᠶᠠᠪᠤᠳᠠᠯ ᠪᠣᠯᠤᠨ᠎ᠠ᠃ | ᠳᠡᠯᠡᠬᠡᠢ ᠵᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠮᠠᠨ ᠤ ᠤᠯᠤᠰ ᠶᠠᠭ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠪᠠᠶᠢᠳᠠᠯ ᠣᠷᠴᠢᠨ ᠤ ᠬᠤᠪᠢᠷᠠᠯᠲᠠ ᠶᠢᠨ | ᠲᠦᠷᠭᠡᠨ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠬᠦᠨᠳᠦ᠂ ᠵᠥᠷᠢᠴᠡᠯ ᠠᠶᠤᠯ ᠲᠦᠭᠰᠢᠭᠦᠷᠢ ᠥᠷᠢᠰᠥᠯᠳᠦᠭᠡᠨ ᠤ ᠤᠯᠠᠨ᠂ ᠲᠦᠷᠦ ᠶᠢ | ᠵᠠᠰᠠᠵᠤ ᠵᠠᠰᠠᠭ ᠢ ᠡᠷᠬᠢᠯᠡᠬᠦ ᠰᠢᠯᠭᠠᠯᠲᠠ ᠶᠢᠨ ᠬᠠᠳᠠᠭᠤ ᠭᠡᠳᠡᠭ ᠨᠢ ᠤᠷᠢᠳ ᠡᠮᠦᠨ᠎ᠡ ᠪᠠᠶᠢᠭ᠎ᠠ ᠦᠭᠡᠢ ᠶᠤᠮ᠃ ᠡᠶᠢᠮᠦ ᠠᠴᠠ ᠨᠠᠮ ᠤᠨ ᠭᠡᠰᠢᠭᠦᠨ ᠺᠠᠳ᠋ᠷ ᠬᠦᠴᠦ ᠪᠠᠨ | ᠪᠣᠳᠠᠳᠠᠢ ᠪᠠᠶᠢᠳᠠᠯ ᠢ ᠪᠠᠶᠢᠴᠠᠭᠠᠬᠤ᠂ ᠪᠣᠳᠠᠲᠠᠢ ᠠᠷᠭ᠎ᠠ ᠭᠠᠷᠭᠠᠬᠤ᠂ ᠪᠣᠳᠠᠲᠠᠢ ᠠᠵᠢᠯ ᠬᠢᠬᠦ᠂ ᠪᠣᠳᠠᠲᠠᠢ ᠦᠷ᠎ᠡ ᠪᠦᠲᠦᠮᠵᠢ ᠶᠢ ᠡᠷᠬᠢᠮᠯᠡᠬᠦ ᠳᠡᠭᠡᠷ᠎ᠡ ᠲᠠᠯᠪᠢᠵᠤ᠂ | ᠳᠤᠷᠠᠲᠠᠶ᠎ᠠ ᠬᠠᠮᠤᠭ ᠤᠨ ᠬᠦᠨᠳᠦ ᠡᠭᠦᠷᠭᠡ ᠶᠢ ᠡᠭᠦᠷᠭᠡᠯᠡᠵᠦ᠂ ᠬᠠᠮᠤᠭ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠠᠷᠢᠨ ᠪᠤᠳᠤᠯᠢᠶᠠᠨᠳᠠᠢ ᠠᠰᠠᠭᠤᠳᠠᠯ ᠢ | ᠰᠢᠢᠳᠪᠦᠷᠢᠯᠡᠵᠦ᠂ ᠠᠰᠠᠭᠤᠳᠠᠯ ᠳᠤ ᠰᠢᠭᠤᠳ ᠬᠠᠨᠳᠤᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠤᠮᠳᠠ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ | ᠨᠡᠭᠡᠭᠡᠬᠦ ᠶᠢ ᠱᠠᠭᠠᠷᠳᠠᠵᠤ ᠪᠠᠶᠢᠨ᠎ᠠ᠃ ᠡᠪ ᠬᠠᠮᠲᠤᠴᠤᠳ ᠤᠨ ︽ᠰᠡᠳᠭᠢᠯ ᠤᠨ ᠰᠤᠷᠭᠠᠯ︾ ᠢ ᠳᠠᠪᠳᠠᠨ ᠪᠣᠯᠪᠠᠰᠤᠷᠠᠭᠤᠯᠬᠤ ᠳᠤ᠂ ᠨᠠᠰᠤᠨ ᠲᠤᠷᠰᠢᠳᠠ ᠰᠤᠷᠤᠯᠴᠠᠵᠤ᠂ | ᠨᠠᠰᠤᠨ ᠲᠤᠷᠰᠢᠳᠠ ᠰᠡᠳᠭᠢᠯ ᠰᠠᠨᠠᠭ᠎ᠠ ᠪᠠᠨ ᠵᠠᠰᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ᠂ ᠦᠵᠡᠯ ᠰᠠᠨᠠᠭᠠᠨ ᠤ | ᠤᠬᠠᠮᠰᠠᠷ᠂ ᠶᠣᠰᠣ ᠮᠣᠷᠠᠯ ᠤᠨ ᠲᠦᠪᠰᠢᠨ ᠨᠢ ᠨᠠᠮ ᠳᠤ ᠡᠯᠰᠡᠭᠳᠡᠭᠰᠡᠨ ᠣᠨ ᠵᠢᠯ ᠤᠨ ᠨᠡᠮᠡᠭᠳᠡᠬᠦ ᠶᠢ ᠲᠠᠭᠠᠯᠳᠤᠨ ᠠᠶᠠᠨᠳᠠᠭᠠᠨ ᠳᠡᠭᠡᠭᠰᠢᠯᠡᠬᠦ ᠪᠢᠰᠢ᠂ ᠲᠤᠰᠢᠶᠠᠯ ᠤᠨ | ᠳᠡᠭᠡᠭᠰᠢᠯᠡᠬᠦ ᠶᠢ ᠲᠠᠭᠠᠯᠳᠤᠨ ᠠᠶᠠᠨᠳᠠᠭᠠᠨ ᠳᠡᠭᠡᠭᠰᠢᠯᠡᠬᠦ ᠴᠦ ᠪᠢᠰᠢ᠂ ᠬᠠᠷᠢᠨ ᠨᠠᠰᠤᠨ ᠲᠤᠷᠰᠢᠳᠠ ᠴᠢᠷᠮᠠᠶᠢᠬᠤ ᠴᠢᠬᠤᠯᠠᠲᠠᠢ ᠶᠤᠮ᠃ | ᠦᠵᠡᠯ ᠰᠠᠨᠠᠭᠠᠨ ᠳᠡᠭᠡᠷ᠎ᠡ ᠪᠠᠨ ᠨᠢᠭᠡ ᠢᠮᠠᠬᠤ ᠰᠤᠯᠠᠷᠠᠪᠠᠯ᠂ ᠦᠢᠯᠡ ᠠᠵᠢᠯᠯᠠᠭ᠎ᠠ ᠳᠡᠭᠡᠷ᠎ᠡ ᠪᠠᠨ ᠨᠢᠭᠡ ᠠᠯᠳᠠ ᠪᠤᠷᠤᠭᠤᠳᠠᠨ᠎ᠠ᠃ ᠨᠠᠮᠴᠢ ᠴᠢᠨᠠᠷ ᠤᠨ | ᠪᠣᠯᠪᠠᠰᠤᠷᠠᠯ ᠢ ᠴᠢᠩᠭᠠᠳᠬᠠᠬᠤ ᠳᠤ ᠡᠷᠬᠡᠪᠰᠢ ᠴᠥᠬᠦᠷᠡᠰᠢ ᠦᠭᠡᠢ ᠴᠢᠷᠮᠠᠶᠢᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠲᠠᠰᠤᠷᠠᠯᠳᠠ ᠦᠭᠡᠢ ᠥᠪᠡᠷ ᠢ ᠪᠠᠨ | ᠪᠣᠯᠪᠠᠰᠤᠷᠠᠭᠤᠯᠵᠤ᠂ ᠥᠪᠡᠷ ᠢ ᠪᠠᠨ ᠬᠢᠵᠠᠭᠠᠷᠯᠠᠵᠤ᠂ ᠥᠪᠡᠷ ᠢ ᠪᠠᠨ ᠥᠭᠡᠷᠡᠴᠢᠯᠡᠬᠦ ᠬᠡᠷᠡᠭᠲᠡᠢ᠃ ᠪᠠᠶᠢᠩᠭᠤ ᠵᠠᠰᠠᠵᠤ ᠪᠠᠶᠢᠩᠭᠤ ᠪᠣᠯᠪᠠᠰᠤᠷᠠᠵᠤ᠂ ᠪᠠᠶᠢᠩᠭᠤ ᠤᠬᠠᠭᠠᠷᠠᠨ | ᠪᠠᠶᠢᠩᠭᠤ ᠤᠷᠤᠭᠰᠢᠯᠠᠵᠤ᠂ ᠨᠠᠮᠴᠢ ᠴᠢᠨᠠᠷ ᠢ ᠰᠡᠳᠭᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠢᠯᠡᠷᠡᠭᠦᠯᠪᠡᠯ ᠰᠠᠶ᠋ᠢ ᠵᠥᠪ ᠪᠤᠷᠤᠭᠤ ᠶᠢᠨ ᠡᠮᠦᠨ᠎ᠡ ᠲᠤᠭ | ᠲᠡᠮᠳᠡᠭ ᠲᠣᠳᠣᠷᠬᠠᠢ ᠪᠠᠶᠢᠵᠤ᠂ ᠰᠠᠯᠬᠢ ᠳᠠᠪᠠᠯᠭᠠᠨ ᠤ ᠰᠢᠯᠭᠠᠯᠲᠠ ᠳᠤ ᠠᠶᠤᠵᠤ ᠰᠦᠷᠳᠡᠬᠦ ᠦᠭᠡᠢ ᠪᠠᠶᠢᠵᠤ᠂ ᠡᠯ᠎ᠡ ᠵᠦᠢᠯ ᠤᠨ ᠥᠳᠥᠭᠡᠯᠭᠡ ᠶᠢᠨ ᠡᠮᠦᠨ᠎ᠡ | ᠵᠣᠭᠰᠣᠯᠲᠠ ᠪᠠᠲᠤ ᠪᠠᠶᠢᠵᠤ ᠴᠢᠳᠠᠨ᠎ᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠬᠢᠯᠭᠠᠨ ᠮᠡᠳᠡᠭᠡ︶ | | |