ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ ᠠᠷᠪᠢᠯᠠᠨ ᠭᠠᠮᠨᠠᠬᠤ ᠶᠢ ᠡᠷᠬᠢᠮᠯᠡᠬᠦ ᠬᠡᠷᠡᠭᠲᠡᠶ
ᠨᠡᠶᠢᠲᠡᠯᠡᠭᠰᠡᠨ ᠴᠠᠭ᠄
2025/5/20
      ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠬᠦᠯᠵᠤ᠂ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠪᠣᠯ ᠮᠠᠨ ᠤ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠮᠥᠨ᠃ ᠶᠡᠷᠦᠩᠬᠡᠢ ᠱᠦᠵᠢ ᠰᠢ ᠶᠢᠨ ᠫᠢᠩ᠄ ︽ᠨᠠᠮ ᠪᠣᠯᠤᠨ ᠵᠠᠰᠠᠭ ᠤᠨ ᠣᠷᠳᠣᠨ ᠲᠦᠷᠦᠭᠦᠯᠡᠨ ᠠᠷᠪᠢᠯᠠᠨ ᠭᠠᠮᠨᠠᠬᠤ ᠶᠢ ᠡᠷᠬᠢᠮᠯᠡᠬᠦ ᠶᠢᠨ ᠵᠣᠷᠢᠯᠭ᠎ᠠ ᠨᠢ ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ ᠶᠤᠮ᠂ ᠡᠨᠡ ᠪᠣᠯ ᠮᠠᠨ ᠤ ᠨᠠᠮ ᠤᠨ ᠵᠣᠷᠢᠯᠲᠠ ᠪᠠ ᠰᠢᠨᠵᠢ ᠴᠢᠨᠠᠷ ᠠᠴᠠ ᠲᠤᠭᠳᠠᠭᠠᠭᠳᠠᠭᠰᠠᠨ ᠶᠤᠮ᠃ ᠮᠠᠨ ᠤ ᠤᠯᠤᠰ ᠬᠥᠭᠵᠢᠭᠡᠳ ᠶᠠᠮᠠᠷ ᠬᠡᠮᠵᠢᠶᠡᠨ ᠳᠤ ᠬᠦᠷᠦᠭᠰᠡᠨ ᠴᠦ᠂ ᠠᠷᠠᠳ ᠤᠨ ᠠᠮᠢᠳᠤᠷᠠᠯ ᠰᠠᠶᠢᠵᠢᠷᠠᠭᠠᠳ ᠶᠠᠮᠠᠷ ᠬᠡᠮᠵᠢᠶᠡᠨ ᠳᠤ ᠬᠦᠷᠦᠭᠰᠡᠨ ᠴᠦ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠠᠵᠢᠯᠴᠢ ᠠᠷᠪᠢᠴᠢ ᠠᠷᠪᠢᠯᠠᠨ ᠭᠠᠮᠨᠠᠬᠤ ᠦᠵᠡᠯ ᠰᠠᠨᠠᠭ᠎ᠠ ᠪᠠᠨ ᠡᠭᠦᠷᠢᠳᠡ ᠤᠷᠬᠢᠵᠤ ᠪᠣᠯᠬᠤ ᠦᠭᠡᠢ︾ ᠬᠡᠵᠤ ᠵᠢᠭᠠᠵᠤ ᠭᠠᠷᠭᠠᠪᠠ᠃ ᠣᠶᠢᠷ᠎ᠠ ᠳᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠪᠠᠶᠢᠬᠤ ᠲᠠᠰᠢᠷᠠᠮ ᠳᠤ᠂ ᠨᠠᠮ ᠤᠨ ᠲᠥᠪ ᠬᠤᠷᠢᠶ᠎ᠠ ᠠᠴᠠ ︽ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠬᠦᠯᠵᠤ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠳᠤ ᠵᠠᠰᠠᠪᠤᠷᠢ ᠣᠷᠣᠭᠤᠯᠵᠤ᠂ ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ ᠠᠷᠪᠢᠯᠠᠨ ᠭᠠᠮᠨᠠᠬᠤ ᠶᠢ ᠡᠷᠬᠢᠮᠯᠡᠬᠦ ᠲᠦᠷᠢᠮ ᠤᠨ ᠱᠤᠷᠠᠭ ᠢ ᠤᠯᠠᠮ ᠨᠢᠭᠡ ᠠᠯᠬᠤᠮ ᠴᠢᠩᠭᠠᠯᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠤᠷᠲᠠᠯ ᠤᠨ ᠪᠠᠶᠢᠭᠤᠯᠤᠯᠲᠠ ᠨᠢ ᠨᠠᠮ ᠤᠨ ᠲᠦᠷᠢ ᠲᠥᠷᠬᠦ ᠳᠤ ᠬᠤᠯᠪᠣᠭᠳᠠᠵᠤ᠂ ᠬᠥᠮᠦᠨ ᠤ ᠰᠡᠳᠭᠢᠯ ᠢ ᠤᠯᠵᠤ ᠠᠯᠳᠠᠬᠤ ᠳᠤ ᠬᠤᠯᠪᠣᠭᠳᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠢᠯᠠᠵᠤ ᠢᠯᠠᠭᠳᠠᠬᠤ ᠳᠤ ᠬᠤᠯᠪᠣᠭᠳᠠᠬᠤ ᠤᠯᠤᠰ ᠲᠦᠷᠦ ᠶᠢᠨ ᠦᠨᠳᠦᠷᠴᠡ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠲᠦᠷᠢᠮ ᠤᠨ ᠬᠠᠲᠠᠭᠤ ᠴᠢᠩᠭ᠎ᠠ ᠬᠢᠵᠠᠭᠠᠷᠯᠠᠬᠤ ᠬᠦᠴᠦᠨ ᠢᠶᠠᠷ ᠪᠦᠷᠢᠯᠭᠡᠨ ᠰᠦᠢᠳᠭᠡᠬᠦ ᠰᠤᠷᠲᠠᠯ ᠤᠨ ᠭᠡᠮ ᠰᠣᠭᠤᠭ᠂ ᠠᠵᠢᠯᠯᠠᠭ᠎ᠠ ᠶᠢᠨ ᠠᠷᠬᠠᠭ ᠭᠡᠮ ᠢ ᠡᠷᠡᠰ ᠬᠤᠷᠢᠭᠯᠠᠬᠤ ᠪᠠ ᠦᠨᠳᠦᠰᠦᠨ ᠠᠴᠠ ᠨᠢ ᠵᠠᠰᠠᠬᠤ ᠬᠡᠷᠡᠭᠲᠡᠢ᠃       ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ ᠤᠨ ᠬᠠᠰᠢᠯᠭ᠎ᠠ ᠶᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠶ᠃ 2013 ᠣᠨ ᠳᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠨᠠᠮ ᠤᠨ ᠲᠥᠪ ᠬᠤᠷᠢᠶ᠎ᠠ ᠠᠴᠠ ︽ᠳᠦᠷᠢᠮ︾ ᠢ ᠲᠣᠭᠲᠠᠭᠠᠨ ᠨᠡᠶᠢᠲᠡᠯᠡᠭᠰᠡᠨ ᠪᠥᠭᠡᠳ ︽ᠳᠦᠷᠢᠮ︾ ᠢᠶᠠᠷ ᠭᠤᠣᠯ ᠪᠣᠯᠭᠠᠭᠰᠠᠨ᠂ ᠡᠯ᠎ᠡ ᠲᠠᠯ᠎ᠠ ᠶᠢᠨ ᠬᠢᠨ ᠤ ᠲᠤᠰᠬᠠᠶ ᠢᠵᠢ ᠪᠦᠷᠢᠳᠦᠭᠦᠯᠦᠭᠰᠡᠨ ᠳᠦᠷᠢᠮ ᠲᠣᠭᠲᠠᠭᠠᠯ ᠤᠨ ᠬᠠᠮᠲᠤ ᠪᠠᠷ ᠪᠤᠶ ᠪᠣᠯᠭᠠᠭᠰᠠᠨ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠳᠦᠷᠢᠮ ᠤᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠬᠦ ᠶᠢ ᠠᠬᠢᠭᠤᠯᠵᠤ᠂ ︽ᠲᠡᠷᠭᠡ ᠬᠦᠰᠭᠡ ᠵᠠᠷᠤᠬᠤ ᠲᠠᠯ᠎ᠠ ᠪᠠᠷ ᠪᠦᠷᠢᠯᠭᠡᠬᠦ︾᠂ ︽ᠢᠳᠡᠵᠦ ᠤᠤᠭᠤᠵᠤ ᠪᠦᠷᠢᠯᠭᠡᠬᠦ︾᠂ ︽ᠬᠤᠷᠠᠯ ᠤᠨ ᠭᠠᠵᠠᠷ ᠲᠠᠬᠢ ᠭᠠᠵᠢᠭᠤ ᠰᠤᠷᠲᠠᠯ︾ ᠵᠡᠷᠭᠡ ᠰᠤᠷᠲᠠᠯ ᠤᠨ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠪᠠᠷ ᠬᠤᠷᠢᠭᠯᠠᠨ ᠵᠣᠭᠰᠣᠭᠠᠭᠰᠠᠨ ᠪᠠᠶᠢᠨ᠎ᠠ᠃ ᠡᠭᠦᠨ ᠤ ᠬᠠᠮᠲᠤ ᠂ ᠨᠠᠮ ᠤᠨ ᠲᠥᠪ ᠬᠤᠷᠢᠶ᠎ᠠ ᠠᠴᠠ ᠪᠠᠶᠢᠨ ᠳᠠᠬᠢᠨ ᠵᠠᠷᠯᠢᠭ ᠪᠠᠭᠤᠯᠭᠠᠭᠰᠠᠨ ᠪᠤᠯᠪᠠᠴᠤ᠂ ᠣᠨᠴᠠ ᠵᠠᠷᠢᠮ ᠨᠠᠮ ᠵᠠᠰᠠᠭ ᠤᠨ ᠪᠠᠶᠢᠭᠤᠯᠭ᠎ᠠ ᠲᠡᠩᠳᠡᠭᠦᠦ ᠭᠠᠷ ᠰᠤᠯᠠᠲᠠᠢ᠂ ᠱᠠᠯᠢᠨ ᠪᠦᠷᠢᠯᠭᠡᠬᠦ ᠦᠵᠡᠭᠳᠡᠯ ᠮᠥᠨ ᠯᠡ ᠪᠠᠶᠢᠨ ᠳᠠᠬᠢᠨ ᠭᠠᠷᠴᠤ᠂ ᠵᠠᠷᠢᠮ ᠨᠠᠮ ᠤᠨ ᠭᠡᠰᠢᠭᠦᠨ ᠺᠠᠳ᠋ᠷ ᠰᠠᠬᠢᠯᠭ᠎ᠠ ᠪᠠᠲᠤ ᠶᠢ ᠥᠰᠢᠯᠳᠦᠨ ᠵᠥᠷᠢᠴᠡᠵᠦ᠂ ᠳᠠᠯᠳᠠ ᠶᠢᠨ ᠤᠨᠳᠤᠤᠰᠢᠵᠤ ᠢᠯᠡᠷᠡᠭᠰᠡᠨ ︽ᠳᠥᠷᠪᠡᠨ ᠰᠤᠷᠲᠠᠯ︾ ᠤᠨ ᠠᠰᠠᠭᠤᠳᠠᠯ ᠢ ᠮᠥᠨ ᠯᠡ ᠣᠯᠠᠨᠲᠠ ᠬᠤᠷᠢᠭᠯᠠᠭᠰᠠᠨ ᠴᠤ ᠵᠣᠭᠰᠣᠬᠤ ᠥᠬᠡᠶ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ ᠡᠨᠡ ᠤᠳᠠᠭ᠎ᠠ ︽ᠲᠦᠷᠢᠮ︾ ᠳᠤ ᠵᠠᠰᠠᠪᠤᠷᠢ ᠣᠷᠣᠭᠤᠯᠬᠤ ᠳᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠵᠠᠷᠤᠳᠠᠯ ᠤᠨ ᠬᠠᠮᠢᠶᠠᠷᠤᠯᠲᠠ᠂ ᠤᠯᠤᠰ ᠤᠨ ᠳᠣᠲᠣᠭᠠᠳᠤ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ᠂ ᠠᠯᠪᠠᠨ ᠶᠠᠪᠤᠳᠠᠯ ᠢᠶᠠᠷ ᠲᠦᠷ ᠴᠠᠭ ᠭᠠᠳᠠᠭᠠᠳᠤ ︵ᠬᠢᠯᠢ︶ ᠳᠤ ᠭᠠᠷᠬᠤ᠂ ᠠᠯᠪᠠᠨ ᠶᠠᠪᠤᠳᠠᠯ ᠢᠶᠠᠷ ᠵᠣᠴᠢᠯᠠᠬᠤ᠂ ᠠᠯᠪᠠᠨ ᠶᠠᠪᠤᠳᠠᠯ ᠳᠤ ᠲᠡᠷᠭᠡ ᠬᠡᠷᠡᠭᠯᠡᠬᠦ᠂ ᠬᠤᠷᠠᠯ ᠤᠨ ᠠᠵᠢᠯᠯᠠᠭ᠎ᠠ᠂ ᠠᠯᠪᠠᠨ ᠠᠵᠢᠯ ᠳᠤ ᠬᠡᠷᠡᠭᠯᠡᠬᠦ ᠬᠡᠷ ᠪᠠᠶᠢᠰᠢᠩ᠂ ᠡᠬᠢ ᠪᠠᠶᠠᠯᠢᠭ ᠢ ᠠᠷᠪᠢᠯᠠᠬᠤ ᠵᠡᠷᠭᠡ ᠲᠣᠭᠲᠠᠭᠠᠯ ᠢ ᠲᠡᠭᠦᠯᠳᠡᠷᠵᠢᠭᠦᠯᠵᠦ᠂ ᠠᠵᠢᠯᠴᠢ ᠠᠷᠪᠢᠴᠢ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ᠂ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠠᠨᠳᠤᠯᠭᠠᠲᠤ ᠴᠢᠨᠠᠷᠲᠠᠶ ᠪᠠᠷ ᠤᠷᠬᠢᠭᠳᠠᠭᠰᠠᠨ ᠵᠦᠢᠯ ᠢ ᠪᠠᠶᠢᠴᠠᠭᠠᠨ ᠲᠤᠲᠠᠭᠤᠳᠠᠯ ᠢ ᠨᠥᠬᠦᠪᠥᠷᠢᠯᠡᠵᠤ᠂ ᠰᠢᠨᠡᠳᠭᠡᠨ ᠲᠠᠰ ᠳᠡᠪᠰᠢᠭᠦᠯᠬᠦ ᠪᠠᠷ ᠳᠠᠮᠵᠢᠨ᠂ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ ᠤᠨ ᠬᠠᠰᠢᠯᠭ᠎ᠠ ᠶᠢ ᠤᠯᠠᠮ ᠨᠢᠭᠡ ᠠᠯᠬᠤᠮ ᠪᠠᠲᠤ ᠪᠤᠯᠭᠠᠪᠠ᠃       ᠨᠠᠮ ᠵᠠᠰᠠᠭ ᠲᠦᠷᠦᠭᠦᠯᠡᠨ ᠠᠷᠪᠢᠯᠠᠨ ᠭᠠᠮᠨᠠᠬᠤ ᠶᠢ ᠡᠷᠬᠢᠮᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠳᠤ ᠨᠠᠮ ᠵᠠᠰᠠᠭ ᠤᠨ ᠪᠠᠶᠢᠭᠤᠯᠭ᠎ᠠ ᠶᠢᠨ ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠬᠠᠮᠢᠶᠠᠷᠬᠤ ᠠᠷᠭ᠎ᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠠᠴᠠ ᠪᠡᠯᠡ ᠣᠷᠣᠭᠤᠯᠬᠤ ᠴᠢᠭᠯᠡᠯ ᠪᠠ ᠪᠦᠲᠦᠴᠡ ᠶᠢ ᠰᠢᠯᠢᠳᠡᠭᠵᠢᠭᠦᠯᠵᠦ᠂ ᠨᠠᠮ ᠵᠠᠰᠠᠭ ᠤᠨ ᠪᠠᠶᠢᠭᠤᠯᠭ᠎ᠠ ᠶᠢᠨ ᠤᠯᠤᠰ ᠤᠨ ᠳᠣᠲᠣᠭᠠᠳᠤ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠠᠵᠢᠯᠯᠠᠭ᠎ᠠ᠂ ᠠᠯᠪᠠᠨ ᠶᠠᠪᠤᠳᠠᠯ ᠢᠶᠠᠷ ᠲᠦᠷ ᠴᠠᠭ ᠭᠠᠳᠠᠭᠠᠳᠤ ᠳᠤ ᠭᠠᠷᠬᠤ ︵ᠬᠢᠯᠢ︶ ᠠᠵᠢᠯᠯᠠᠭ᠎ᠠ᠂ ᠠᠯᠪᠠᠨ ᠶᠠᠪᠤᠳᠠᠯ ᠤᠨ ᠵᠣᠴᠢᠯᠠᠬᠤ ᠠᠵᠢᠯᠯᠠᠭ᠎ᠠ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠬᠤᠷᠠᠯ ᠤᠨ ᠠᠵᠢᠯᠯᠠᠭ᠎ᠠ᠂ ᠠᠯᠪᠠᠨ ᠳᠤ ᠬᠡᠷᠡᠭᠯᠡᠬᠦ ᠭᠡᠷ ᠪᠠᠶᠢᠰᠢᠩ ᠢ ᠴᠢᠩᠭ᠎ᠠ ᠬᠠᠲᠠᠭᠤ ᠬᠠᠮᠢᠶᠠᠷᠴᠤ᠂ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠴᠢᠩᠭᠠᠳᠬᠠᠬᠤ ᠲᠠᠯ᠎ᠠ ᠪᠠᠷ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠳᠤᠷᠠᠳᠪᠠ᠃ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠬᠢᠨ ᠠᠷᠪᠢᠯᠠᠨ ᠭᠠᠮᠨᠠᠬᠤ ᠶᠢ ᠡᠷᠬᠢᠮᠯᠡᠬᠦ ᠡᠯ᠎ᠡ ᠵᠦᠢᠯ ᠤᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠰᠠᠶᠢᠲᠤᠷ ᠠᠳᠬᠤᠵᠤ᠂ ᠠᠵᠢᠯᠴᠢ ᠠᠷᠪᠢᠴᠢ ᠪᠠᠷ ᠠᠯᠢᠪᠠ ᠠᠵᠢᠯ ᠦᠢᠯᠡᠰ ᠢ ᠡᠷᠬᠢᠯᠡᠵᠦ᠂ ᠴᠢᠩᠭᠠᠳᠬᠠᠨ ᠶᠠᠪᠤᠴᠠ ᠶᠢ ᠳᠥᠭᠦᠮᠴᠢᠯᠡᠨ᠂ ᠨᠠᠷᠢᠨ ᠨᠢᠭᠲᠠ ᠪᠤᠳᠤᠵᠤ᠂ ᠬᠢᠵᠠᠭᠠᠷᠯᠠᠬᠤ ᠶᠢ ᠴᠢᠩᠭᠠᠳᠬᠠᠨ᠂ ᠵᠠᠷᠤᠯᠭ᠎ᠠ ᠶᠢ ᠴᠢᠩᠭ᠎ᠠ ᠡᠵᠡᠮᠳᠡᠵᠤ᠂ ᠬᠢᠵᠠᠭᠠᠷ ᠲᠠᠢ ᠡᠳ᠋ ᠤᠨ ᠵᠠᠰᠠᠭ ᠤᠨ ᠪᠡᠯᠡ ᠮᠥᠩᠭᠦ ᠶᠢ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠵᠦ᠂ ᠨᠡᠩ ᠤᠯᠠᠨ ᠪᠡᠯᠡ ᠮᠥᠩᠭᠦ ᠶᠢ ᠠᠷᠪᠢᠯᠠᠨ ᠭᠠᠷᠭᠠᠵᠤ ᠬᠥᠭᠵᠢᠯᠲᠡ ᠶᠢᠨ ᠬᠡᠷᠡᠭᠴᠡᠭᠡ᠂ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠳᠤ ᠬᠡᠷᠡᠭᠯᠡᠬᠦ ᠬᠡᠷᠡᠭᠲᠡᠢ᠃       ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠲᠤᠬᠠᠢ ᠵᠥᠪ ᠦᠵᠡᠯᠲᠡ ᠶᠢ ᠦᠨᠡᠨ ᠬᠦ ᠪᠤᠢ ᠪᠣᠯᠭᠠᠵᠤ ᠦᠢᠯᠡᠳᠦᠯᠭᠡᠵᠢᠭᠦᠯᠬᠦ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠳᠤ ᠡᠯ᠎ᠡ ᠱᠠᠲᠤᠨ ᠤ ᠤᠳᠤᠷᠢᠳᠬᠤ ᠪᠠᠶᠢᠭᠤᠯᠭ᠎ᠠ ᠪᠠ ᠤᠳᠤᠷᠢᠳᠬᠤ ᠺᠠᠳ᠋ᠷᠴᠤᠳ ᠡᠷᠬᠡᠪᠰᠢ ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠲᠤᠬᠠᠢ ᠵᠦᠪ ᠦᠵᠡᠯᠲᠡ ᠶᠢ ᠪᠤᠢ ᠪᠣᠯᠭᠠᠵᠤ᠂ ᠠᠷᠠᠳ ᠢ ᠵᠦᠳᠡᠭᠡᠵᠦ ᠡᠳ᠋ ᠮᠦᠩᠬᠦ ᠶᠢ ᠰᠦᠢᠳᠬᠡᠬᠦ ︽ᠳᠦᠷᠢ ᠲᠥᠷᠬᠦ ᠶᠢᠨ ᠢᠨᠵᠧᠨᠧᠷᠢᠩ︾ ᠂ ︽ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠢᠨᠵᠧᠨᠧᠷᠢᠩ︾ ᠬᠢᠬᠦ ᠶᠢ ᠴᠢᠩᠭ᠎ᠠ ᠴᠠᠭᠠᠵᠠᠯᠠᠬᠤ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃ ᠰᠶᠢᠳᠪᠦᠷᠢᠲᠦ ᠪᠣᠳᠣᠯᠭ᠎ᠠ ᠶᠢᠨ ᠠᠯᠳᠠᠭ᠎ᠠ ᠪᠣᠯ ᠬᠠᠮᠤᠭ ᠤᠨ ᠶᠡᠭᠡ ᠪᠠᠷ ᠪᠦᠷᠢᠯᠭᠡᠨ ᠰᠦᠢᠳᠬᠡᠬᠦ ᠶᠠᠪᠤᠳᠠᠯ ᠮᠥᠨ᠃ ᠡᠯ᠎ᠡ ᠱᠠᠲᠤᠨ ᠤ ᠤᠳᠤᠷᠢᠳᠬᠤ ᠪᠠᠶᠢᠭᠤᠯᠭ᠎ᠠ ᠪᠣᠯᠣᠨ ᠤᠳᠤᠷᠢᠳᠬᠤ ᠺᠠᠳ᠋ᠷᠴᠤᠳ ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠲᠤᠬᠠᠢ ᠵᠦᠪ ᠦᠵᠡᠯᠲᠡ ᠶᠢ ᠪᠠᠲᠤ ᠪᠤᠶ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ᠂ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠤ᠂ ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠬᠤ ᠳᠤ ᠴᠥᠮ ᠶᠡᠭᠡ ᠪᠠᠷ ᠪᠦᠷᠢᠯᠭᠡᠨ ᠰᠦᠢᠳᠬᠡᠬᠦ᠂ ᠢᠷᠡᠬᠦ ᠵᠢᠯ ᠤᠨ ᠬᠦᠨᠡᠰᠦ ᠪᠠᠨ ᠡᠨᠡ ᠵᠢᠯ ᠳᠡᠭᠡᠨ ᠢᠳᠡᠬᠦ ᠶᠢ ᠴᠢᠩᠭ᠎ᠠ ᠴᠡᠭᠡᠷᠯᠡᠵᠦ᠂ ᠬᠢᠵᠠᠭᠠᠷ ᠲᠠᠢ ᠡᠳ᠋ ᠤᠨ ᠵᠠᠰᠠᠭ ᠤᠨ ᠡᠬᠢ ᠪᠠᠶᠠᠯᠢᠭ ᠢ ᠥᠭᠡᠷᠡᠴᠢᠯᠡᠯᠲᠡ ᠶᠢ ᠠᠳᠬᠤᠬᠤ᠂ ᠬᠥᠭᠵᠢᠯᠲᠡ ᠶᠢ ᠠᠬᠢᠭᠤᠯᠬᠤ᠂ ᠪᠣᠳᠠᠲᠦ ᠠᠵᠢᠯ ᠬᠢᠬᠦ ᠳᠤ ᠬᠡᠷᠡᠭᠯᠡᠵᠦ᠂ ᠨᠠᠮ ᠤᠨ ᠲᠥᠪ ᠬᠤᠷᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠡᠯ᠎ᠡ ᠵᠦᠢᠯ ᠤᠨ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨ ᠬᠦ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠡᠯ᠎ᠡ ᠵᠦᠢᠯ ᠤᠨ ᠬᠡᠯᠪᠡᠷᠢ ᠶᠢᠨ ︽ᠵᠠᠰᠠᠭ ᠤᠨ ᠠᠵᠢᠯ ᠤᠨ ᠬᠢᠷᠢ ᠪᠦᠲᠦᠮᠵᠢ ᠭᠠᠷᠭᠠᠬᠤ ᠶᠢᠨ ᠲᠦᠯᠦᠬᠡ ᠰᠤᠬᠤᠷ ᠪᠡᠯᠡᠢ ᠪᠠᠷ ᠬᠢᠬᠦ ᠭᠡᠮ︾ ᠢ ᠡᠷᠡᠰ ᠵᠠᠯᠠᠷᠠᠭᠤᠯᠤᠨ ᠵᠠᠰᠠᠵᠤ᠂ ᠤᠳᠤᠷᠢᠳᠬᠤ ᠺᠠᠳ᠋ᠷᠴᠤᠳ ᠤᠨ ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠲᠤᠬᠠᠢ ᠦᠵᠡᠯᠲᠡ ᠭᠠᠵᠢᠵᠤ᠂ ᠴᠢᠬᠤᠯᠠ ᠶᠡᠭᠡ ᠰᠶᠢᠳᠪᠦᠷᠢᠲᠦ ᠪᠣᠳᠣᠯᠭ᠎ᠠ ᠶᠢᠨ ᠠᠯᠳᠠᠭ᠎ᠠ ᠢᠯᠠᠩᠭᠤᠶ᠎ᠠ ︽ᠳᠦᠷᠢ ᠲᠥᠷᠬᠦ ᠶᠢᠨ ᠢᠨᠵᠧᠨᠧᠷᠢᠩ︾᠂ ︽ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠢᠨᠵᠧᠨᠧᠷᠢᠩ︾ ᠬᠢᠭᠰᠡᠨ ᠠᠴᠠ ᠪᠣᠯᠵᠤ ᠬᠦᠨᠳᠦ ᠨᠣᠴᠢᠲᠠᠢ ᠪᠦᠷᠢᠯᠭᠡᠨ ᠰᠦᠢᠳᠬᠡᠭᠰᠡᠨ ᠪᠠᠶᠢᠪᠠᠯ᠂ ᠡᠷᠬᠡᠪᠰᠢ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃       ᠱᠠᠯᠢᠨ ᠪᠦᠷᠢᠯᠭᠡᠬᠦ ᠭᠠᠵᠢᠭᠤ ᠰᠤᠷᠲᠠᠯ ᠢ ᠬᠦᠴᠦᠲᠡᠢ ᠬᠤᠷᠢᠭᠯᠠᠨ ᠵᠣᠭᠰᠤᠭᠠᠬᠤ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠳᠤ ︽ᠳᠥᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠴᠢᠩᠭᠠᠳᠬᠠᠬᠤ ᠢᠯᠠᠩᠭᠤᠶ᠎ᠠ ᠱᠠᠯᠢᠨ ᠪᠦᠷᠢᠯᠬᠡᠬᠦ ᠦᠵᠡᠭᠳᠡᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠳᠤ ᠴᠢᠭᠯᠡᠭᠦᠯᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠴᠢᠩᠳᠠᠯᠠᠵᠤ᠂ ᠳᠦᠷᠢᠮ ᠲᠤᠭᠲᠠᠭᠠᠯ ᠢ ᠨᠡᠩ ᠴᠢᠩᠭᠠᠯᠠᠪᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠠᠢ ᠤᠶᠠᠯᠳᠤᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠠᠯᠪᠠᠨ ᠶᠠᠪᠤᠳᠠᠯ ᠤᠨ ᠠᠵᠢᠯᠯᠠᠭ᠎ᠠ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠬᠤᠷᠠᠯ ᠤᠨ ᠠᠵᠢᠯᠯᠠᠭ᠎ᠠ᠂ ᠠᠯᠪᠠᠨ ᠳᠤ ᠬᠡᠷᠡᠭᠯᠡᠬᠦ ᠭᠡᠷ ᠪᠠᠶᠢᠰᠢᠩ ᠵᠡᠷᠭᠡ ᠠᠷᠪᠢᠯᠠᠨ ᠭᠠᠮᠨᠠᠬᠤ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠮᠵᠢᠶ᠎ᠠ ᠠᠴᠠ ᠬᠡᠲᠦᠷᠡᠭᠦᠯᠦᠨ ᠬᠡᠭᠡᠨᠴᠢᠷ ᠡᠳ᠋ ᠪᠣᠳᠠᠰ ᠲᠥᠬᠦᠭᠡᠷᠦᠮᠵᠢ ᠬᠤᠳᠠᠯᠳᠤᠨ ᠠᠪᠬᠤ ᠪᠤᠶᠤ ᠡᠳ᠋ᠯᠡᠬᠦ ᠶᠢ ᠴᠢᠩᠭ᠎ᠠ ᠬᠤᠷᠢᠭᠯᠠᠵᠤ᠂ ᠪᠠᠷᠢᠮᠵᠢᠶ᠎ᠠ ᠠᠴᠠ ᠬᠡᠲᠦᠷᠡᠭᠦᠯᠦᠨ ᠠᠯᠪᠠᠨ ᠶᠠᠪᠤᠳᠠᠯ ᠤᠨ ᠵᠣᠴᠢᠯᠠᠭ᠎ᠠ ᠡᠷᠬᠢᠯᠡᠬᠦ ᠶᠢ ᠴᠢᠩᠭ᠎ᠠ ᠬᠤᠷᠢᠭᠯᠠᠵᠤ᠂ ᠪᠠᠷᠢᠮᠵᠢᠶ᠎ᠠ ᠠᠴᠠ ᠬᠡᠲᠦᠷᠡᠭᠦᠯᠦᠨ ᠵᠣᠴᠢᠯᠠᠭ᠎ᠠ ᠶᠢᠨ ᠲᠠᠯᠠᠪᠤᠷ ᠪᠠ ᠠᠯᠪᠠᠨ ᠤ ᠭᠡᠷ ᠪᠠᠶᠢᠰᠢᠩ ᠢ ᠪᠦᠲᠦᠭᠡᠨ ᠪᠠᠶᠢᠭᠤᠯᠬᠤ ᠪᠤᠶᠤ ᠶᠡᠭᠡ ᠮᠦᠩᠬᠦ ᠵᠠᠷᠤᠴᠠᠭᠤᠯᠤᠨ ᠬᠡᠭᠡᠨᠴᠢᠷᠯᠡᠨ ᠵᠠᠰᠠᠵᠤ ᠴᠢᠮᠡᠭᠯᠡᠬᠦ ᠶᠢ ᠴᠢᠩᠭ᠎ᠠ ᠬᠤᠷᠢᠭᠯᠠᠵᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡᠨ ᠳᠤ ᠳᠡᠭᠡᠳᠦ ᠲᠡᠰ ᠤᠨ ᠲᠣᠬᠢᠷᠠᠭᠤᠯᠭ᠎ᠠ ᠪᠤᠶᠤ ᠬᠡᠭᠡᠨᠴᠢᠷ ᠳᠣᠲᠣᠷ ᠴᠢᠮᠡᠭᠯᠡᠯ ᠨᠡᠮᠡᠬᠦ ᠶᠢ ᠴᠢᠩᠭ᠎ᠠ ᠴᠠᠭᠠᠵᠠᠯᠠᠵᠤ᠂ ᠪᠠᠶᠠᠷ ᠳᠤᠷᠠᠰᠬᠠᠯ ᠬᠤᠷᠠᠯ ᠦᠵᠡᠰᠭᠦᠯᠡᠩ ᠶᠠᠷᠢᠯᠴᠠᠭᠠᠨ ᠤ ᠲᠠᠪᠴᠠᠩ᠂ ᠪᠡᠶ᠎ᠡ ᠶᠢᠨ ᠲᠠᠮᠢᠷ ᠤᠨ ᠴᠤᠭᠯᠠᠭᠠᠨ᠂ ᠤᠷᠤᠯᠳᠤᠭᠠᠨ ᠵᠡᠷᠭᠡ ᠠᠵᠢᠯᠯᠠᠭ᠎ᠠ ᠶᠢᠨ ᠳᠤᠮᠳᠠ ᠬᠠᠷᠢᠯᠴᠠᠨ ᠠᠳᠠᠯᠢᠳᠬᠠᠬᠤ᠂ ᠶᠡᠭᠡ ᠪᠠᠷ ᠪᠠᠵᠠᠭᠠᠬᠤ᠂ ᠱᠠᠯᠢᠨ ᠪᠦᠷᠢᠯᠭᠡᠬᠦ ᠶᠢ ᠡᠷᠡᠰ ᠰᠡᠷᠭᠡᠶᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠮᠳᠠᠬᠢ ︽ᠦᠩᠬᠡᠨ ᠲᠠᠯ᠎ᠠ ᠶᠢᠨ ᠢᠨᠵᠧᠨᠧᠷᠢᠩ︾ ᠢ ᠡᠷᠡᠰ ᠰᠡᠷᠭᠡᠶᠢᠯᠡᠨ ᠵᠠᠰᠠᠬᠤ ᠪᠠ ᠵᠠᠯᠠᠷᠠᠭᠤᠯᠬᠤ ᠬᠡᠷᠡᠭᠳᠡᠢ᠃       ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠳᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠲᠤᠬᠠᠢ ᠤᠯᠠᠮ ᠨᠢᠭᠡ ᠠᠯᠬᠤᠮ ᠱᠠᠭᠠᠷᠳᠠᠯᠭ᠎ᠠ ᠳᠤᠷᠠᠳᠪᠠ᠃ ᠡᠯ᠎ᠡ ᠱᠠᠲᠤᠨ ᠤ ᠤᠳᠤᠷᠢᠳᠬᠤ ᠪᠠᠶᠢᠭᠤᠯᠭ᠎ᠠ ᠪᠠ ᠤᠳᠤᠷᠢᠳᠬᠤ ᠺᠠᠳ᠋ᠷᠴᠤᠳ ᠪᠡᠶ᠎ᠡ ᠪᠠᠷ ᠢᠶᠠᠨ ᠬᠡᠪ ᠲᠦᠷᠢᠮ ᠪᠣᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠬᠢᠨ ᠠᠵᠢᠯᠴᠢ ᠠᠷᠪᠢᠴᠢ ᠠᠷᠪᠢᠯᠠᠨ ᠭᠠᠮᠨᠠᠬᠤ᠂ ᠱᠠᠯᠢᠨ ᠪᠦᠷᠢᠯᠭᠡᠬᠦ ᠶᠢ ᠡᠰᠡᠷᠭᠦᠴᠡᠬᠦ ᠲᠠᠯ᠎ᠠ ᠪᠠᠷ ᠲᠦᠷᠦᠭᠦᠯᠡᠨ ᠬᠢᠵᠤ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠵᠢᠴᠢ ᠲᠡᠭᠦᠨ ᠤ ᠠᠵᠢᠯᠲᠠᠳ ᠤᠨ ︽ᠳᠦᠷᠢᠮ︾ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠶᠢ ᠠᠬᠢᠭᠤᠯᠵᠤ᠂ ᠠᠷᠪᠢᠯᠠᠨ ᠭᠠᠮᠨᠠᠬᠤ ᠦᠵᠡᠯᠲᠡ᠂ ᠠᠷᠪᠢᠴᠢ ᠪᠣᠷᠣᠭᠵᠢᠭᠤᠨ ᠪᠠᠶᠢᠬᠤ ᠤᠬᠠᠮᠰᠠᠷ ᠢ ᠪᠤᠢ ᠪᠣᠯᠭᠠᠵᠤ᠂ ᠪᠡᠯᠡ ᠮᠥᠩᠭᠦᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠬᠡᠷᠡᠭᠯᠡᠵᠦ᠂ ᠠᠮᠤ ᠪᠤᠳᠠᠭ᠎ᠠ ᠶᠢ ᠠᠷᠪᠢᠯᠠᠨ ᠭᠠᠮᠨᠠᠬᠤ ᠠᠵᠢᠯᠯᠠᠭ᠎ᠠ ᠶᠢ ᠲᠦᠷᠦᠭᠦᠯᠡᠨ ᠥᠷᠨᠢᠭᠦᠯᠵᠦ᠂ ᠡᠯ᠎ᠡ ᠵᠦᠢᠯ ᠤᠨ ᠪᠡᠯᠡ ᠮᠥᠩᠭᠦᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠬᠤ ᠬᠡᠷᠡᠭᠲᠡᠢ᠃ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠲᠣᠭᠲᠡᠴᠡ ᠶᠢ ᠪᠠᠶᠢᠭᠤᠯᠤᠨ ᠪᠦᠷᠢᠨᠰᠢᠭᠦᠯᠵᠤ᠂ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠰᠢᠯᠢᠳᠡᠭ ᠰᠠᠶᠢᠨ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠵᠤ᠂ ᠨᠡᠶᠢᠭᠡᠮ ᠳᠠᠶᠠᠭᠠᠷ ᠲᠤ ᠪᠦᠷᠢᠯᠭᠡᠨ ᠰᠦᠢᠳᠬᠡᠬᠦ ᠨᠢ ᠢᠴᠢᠭᠦᠷᠢ ᠲᠠᠢ᠂ ᠠᠷᠪᠢᠯᠠᠨ ᠭᠠᠮᠨᠠᠬᠤ ᠨᠢ ᠢᠷᠠᠭᠤ ᠠᠯᠳᠠᠷ ᠲᠠᠢ ᠭᠡᠬᠦ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠣᠯᠭᠠᠬᠤ ᠬᠡᠷᠡᠭᠲᠡᠢ᠃       ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 18 ᠤ ᠴᠠᠬᠢᠯᠭᠠᠨ ᠮᠡᠳᠡᠭᠡ︶
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ