5 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠬᠤᠷᠢᠶ᠎ᠠ ᠶᠢᠨ 111 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠵᠤ᠂ ᠬᠥᠯᠥᠨ ᠪᠤᠶᠢᠷ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠪᠦᠬᠡᠪᠠᠶᠠᠷ ᠬᠤᠷᠠᠯ ᠡᠷᠬᠢᠯᠡᠨ ᠶᠠᠷᠢᠶ᠎ᠠ ᠲᠠᠯᠪᠢᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠤ ᠨᠡᠶᠢᠲᠡᠯᠡᠭᠰᠡᠨ ᠴᠢᠬᠤᠯᠠ ᠵᠣᠬᠢᠶᠠᠯ ︽ᠲᠥᠪ ᠤᠨ ᠨᠠᠢᠮᠠᠨ ᠵᠣᠷᠪᠣᠰ | ᠲᠣᠭᠲᠠᠭᠠᠯ ᠤᠨ ᠵᠣᠷᠢᠭ ᠰᠠᠨᠠᠭ᠎ᠠ ᠶᠢ ᠴᠦᠬᠦᠷᠡᠯ ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ | ᠬᠥᠲᠥᠯᠥᠨ ᠳᠠᠭᠠᠭᠤᠯᠬᠤ ᠬᠡᠷᠡᠭᠲᠡᠢ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ 2024 ᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠨᠡᠷᠡᠶᠢᠳᠬᠦ ᠬᠤᠷᠠᠯ | ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠪᠦᠬᠡᠪᠠᠶᠠᠷ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠥᠨᠥ ᠵᠢᠯ ᠤᠨ ᠭᠤᠤᠯᠳᠠᠯᠭ᠎ᠠ ᠲᠠᠢ ᠤᠯᠤᠰ ᠲᠥᠷᠥ ᠶᠢᠨ ᠡᠭᠦᠷᠭᠡ ᠮᠥᠨ᠂ ᠪᠥᠬᠦ | ᠬᠤᠰᠢᠭᠤ ᠪᠠᠷ ᠢᠶᠠᠨ ᠶᠡᠷᠦᠩᠬᠡᠶ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ ᠨᠠᠢᠮᠠᠨ | ᠵᠣᠷᠪᠣᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠶᠢ ᠰᠤᠷᠤᠯᠴᠠᠯᠭ᠎ᠠ ᠬᠥᠮᠦᠵᠢᠯ ᠤᠨ ᠪᠥᠬᠦ | ᠶᠠᠪᠤᠴᠠ ᠳᠤ ᠲᠤᠤᠱᠯᠠᠭᠤᠯᠤᠨ᠂ ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠰᠠᠶᠢᠨ | ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠣᠶᠢᠷ᠎ᠠ ᠶᠢᠨ ᠬᠤᠭᠤᠴᠠᠭᠠᠨ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠨᠠᠮ ᠵᠠᠰᠠᠭ ᠤᠨ | ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠢ ᠴᠢᠩᠭ᠎ᠠ ᠬᠡᠷᠡᠭᠵᠢᠭᠦᠯᠵᠦ᠂ ᠰᠤᠷᠲᠠᠯ ᠤᠨ | ᠪᠠᠶᠢᠭᠤᠯᠤᠯᠲᠠ ᠶᠢ ᠠᠳᠬᠤᠬᠤ ᠶᠢ ᠡᠯ᠎ᠡ ᠵᠦᠢᠯ ᠤᠨ ᠠᠵᠢᠯ ᠲᠠᠢ ᠨᠢᠭᠡᠳᠦᠯᠲᠡᠶ ᠲᠥᠯᠥᠪᠯᠡᠨ᠂ ︽ᠬᠤᠶᠠᠳᠤᠭᠠᠷ ᠤᠯᠠᠷᠢᠯ︾᠂ ︽ᠬᠤᠶᠠᠷ ᠬᠠᠭᠠᠰ ᠵᠢᠯ︾ ᠳᠤ ᠪᠥᠬᠦ | ᠬᠦᠴᠦᠨ ᠢᠶᠠᠷ ᠢᠶᠠᠨ ᠡᠷᠡᠯᠬᠡᠭᠯᠡᠨ ᠲᠡᠮᠡᠴᠡᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠪᠦᠬᠡᠪᠠᠶᠠᠷ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠬᠢᠨᠠᠨ ᠰᠢᠯᠭᠠᠵᠤ ᠦᠨᠡᠯᠡᠬᠦ ︽ᠳᠣᠬᠢᠭᠤᠷ︾ ᠤᠨ ᠦᠢᠯᠡᠳᠦᠯ ᠢ ᠭᠦᠢᠴᠡᠳ ᠪᠦᠭᠡᠳ | ᠰᠠᠶᠢᠲᠤᠷ ᠬᠡᠷᠡᠭᠯᠡᠨ᠂ ᠲᠡᠭᠦᠨ ᠢ ᠬᠤᠰᠢᠭᠤᠨ ᠤ ᠨᠠᠮ ᠤᠨ ᠬᠤᠷᠢᠶᠠᠨ ᠤ ᠬᠥᠮᠦᠨ ᠰᠣᠩᠭᠤᠵᠤ ᠬᠥᠮᠦᠨ ᠬᠡᠷᠡᠭᠯᠡᠬᠦ ᠠᠵᠢᠯ ᠤᠨ ᠴᠢᠬᠤᠯᠠ ᠦᠨᠳᠦᠰᠦᠯᠡᠯ ᠪᠣᠯᠭᠠᠵᠤ᠂ | ᠴᠢᠳᠠᠪᠤᠷᠢ ᠲᠠᠢ ᠨᠢ ᠳᠡᠪᠰᠢᠵᠦ᠂ ᠶᠡᠷᠦᠮᠳᠡᠭ ᠨᠢ ᠵᠠᠶᠢᠯᠠᠵᠤ᠂ ᠰᠢᠭᠠᠷᠤ ᠨᠢ ᠰᠢᠭᠰᠢᠭᠳᠡᠬᠦ ᠪᠠᠶᠢᠳᠠᠯ ᠢ ᠪᠥᠬᠦ ᠲᠠᠯ᠎ᠠ ᠪᠠᠷ ᠪᠣᠶ ᠪᠣᠯᠭᠠᠵᠤ᠂ ᠥᠷᠭᠡᠨ ᠣᠯᠠᠨ ᠨᠠᠮ ᠤᠨ | ᠭᠡᠰᠢᠭᠦᠨ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠰᠤᠷᠲᠠᠯ ᠢ ᠴᠢᠩᠭᠠᠳᠬᠠᠨ ᠰᠠᠶᠢᠵᠢᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠬᠤ ᠬᠡᠷᠡᠭᠲᠡᠶ᠃ ᠺᠠᠳ᠋ᠷ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠦᠯᠡᠳᠡᠭᠡᠨ ᠬᠡᠷᠡᠭᠯᠡᠬᠦ ᠠᠰᠠᠭᠤᠳᠠᠯ ᠲᠠᠢ ᠤᠶᠠᠯᠳᠤᠭᠤᠯᠤᠨ ᠲᠥᠷᠥ ᠶᠢᠨ ᠪᠣᠳᠣᠯᠭ᠎ᠠ | ᠠᠷᠭ᠎ᠠ ᠶᠢᠨ ᠰᠤᠳᠤᠯᠭᠠᠨ ᠢ ᠴᠢᠩᠭᠠᠳᠬᠠᠵᠤ᠂ ᠪᠣᠯᠪᠠᠰᠤᠷᠠᠯ ᠬᠥᠮᠦᠵᠢᠯ᠂ ᠪᠡᠶ᠎ᠡ ᠰᠡᠳᠬᠢᠯ ᠤᠨ ᠡᠷᠡᠭᠦᠯ ᠮᠡᠨᠳᠦ᠂ ᠠᠵᠢᠯ ᠠᠮᠢᠳᠤᠷᠠᠯ ᠤᠨ ᠡᠯ᠎ᠡ ᠲᠠᠯ᠎ᠠ ᠪᠠᠷ ᠺᠠᠳ᠋ᠷ | ᠴᠢᠳᠠᠪᠤᠷᠢᠲᠠᠨ ᠢ ᠬᠠᠯᠠᠮᠵᠢᠯᠠᠨ ᠬᠠᠶᠢᠷᠠᠯᠠᠬᠤ ᠡᠷᠴᠢᠮ ᠢ ᠠᠯᠬᠤᠮ ᠠᠯᠬᠤᠮ ᠢᠶᠠᠷ ᠴᠢᠩᠭᠠᠷᠠᠭᠤᠯᠵᠤ᠂ ᠦᠨᠡᠨ ᠪᠣᠳᠠᠲᠠᠶ ᠠᠷᠭ᠎ᠠ ᠬᠡᠮᠵᠢᠶ᠎ᠡ ᠪᠠᠷ ᠪᠥᠬᠦ ᠬᠤᠰᠢᠭᠤᠨ ᠤ | ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠪᠠ ᠠᠵᠢᠯ ᠬᠢᠵᠦ ᠦᠢᠯᠡᠰ ᠴᠣᠭᠴᠠᠯᠠᠬᠤ ᠡᠷᠡᠰ ᠵᠣᠷᠢᠭ ᠢ | ᠲᠠᠰᠤᠷᠠᠯᠲᠠ ᠥᠬᠡᠶ ᠬᠥᠭᠵᠢᠭᠡᠬᠦ ᠬᠡᠷᠡᠭᠲᠡᠶ᠃ ᠨᠢᠭᠡᠳᠦᠯᠲᠡᠶ ᠲᠥᠯᠥᠪᠯᠡᠬᠦ ᠰᠡᠳᠬᠢᠬᠦᠶ ᠪᠠ ᠠᠷᠭ᠎ᠠ ᠶᠢ ᠬᠡᠷᠡᠭᠯᠡᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠪᠠᠶᠢᠴᠠᠭᠠᠨ | ᠵᠠᠰᠠᠬᠤ ᠪᠠ ︽ᠡᠷᠬᠢᠨ ᠬᠠᠷᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢ ᠴᠢᠬᠤᠯᠠᠴᠢᠯᠠᠵᠤ᠂ ᠳᠣᠲᠣᠭᠠᠳᠤ ᠶᠢᠨ ᠠᠵᠢᠯ ᠤᠨ ᠲᠠᠩᠰᠠ ᠡᠪᠬᠡᠮᠡᠯ ᠪᠠ | ᠠᠵᠢᠯ ᠤᠨ ᠦᠷ᠎ᠡ ᠪᠦᠲᠦᠮᠵᠢ ᠶᠢ ᠨᠠᠷᠢᠨ ᠬᠢᠨᠠᠮᠠᠭᠠᠶ ᠡᠮᠬᠢᠯᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠯᠲᠠ ᠶᠢᠨ ᠣᠷᠣᠵᠤ ᠰᠠᠭᠤᠬᠤ ᠬᠤᠭᠤᠴᠠᠭᠠᠨ ᠳᠠᠬᠢ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ | ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠪᠠᠶᠢᠴᠠᠭᠠᠯᠲᠠ ᠶᠢ ᠤᠭᠲᠤᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠵᠦᠢᠯᠡᠰ ᠢ ᠰᠤᠳᠤᠯᠤᠨ ᠬᠢᠨᠠᠨ ᠵᠥᠪᠯᠡᠪᠡ᠃ | | | |