ᠰᠢᠨ᠎ᠡ ᠪᠠᠷᠭᠤ ᠪᠠᠷᠠᠭᠤᠨ ᠬᠤᠰᠢᠭᠤᠨ ᠤ ᠨᠤᠳᠤᠬ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠤᠷᠢᠯᠡᠵᠤ᠂ ᠤᠯᠠᠮᠵᠢᠯᠠᠯᠳᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠬᠤ ᠠᠵᠢᠯ ᠤᠨ ᠵᠢᠯᠤᠭᠤᠳᠬᠤ ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/22
      5 ᠰᠠᠷ᠎ᠠ ᠶᠢᠨ 21 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠨᠤᠳᠤᠬ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠠᠵᠢᠯ ᠤᠨ ᠵᠢᠯᠣᠭᠤᠳᠬᠤ ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ᠂ ᠡᠯ᠎ᠡ ᠰᠤᠮᠤ ᠪᠠᠯᠭᠠᠰᠤ ᠶᠢᠨ ᠨᠤᠳᠤᠬ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠨᠤᠳᠤᠬ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠲᠤᠬᠢᠷᠠᠭᠤᠯᠤᠨ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠵᠢᠯ ᠢ ᠠᠬᠢᠭᠤᠯᠬᠤ ᠵᠢᠯᠣᠭᠤᠳᠬᠤ ᠭᠠᠵᠠᠷ ᠤᠨ ᠮᠡᠳᠡᠭᠳᠡᠯ︾ ᠢ ᠤᠯᠠᠮᠵᠢᠯᠠᠪᠠ᠃      ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ︽ᠮᠠᠩᠯᠠᠶ ᠶᠢᠨ ᠵᠠᠭᠪᠤᠷ︾ ᠦᠢᠯᠡᠳᠦᠯᠭᠡ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠲᠠᠯ᠎ᠠ ᠨᠤᠲᠤᠭ ᠤᠨ ᠠᠮᠢ ᠠᠬᠤᠶ ᠶᠢᠨ ᠰᠠᠶᠢᠵᠢᠷᠠᠯᠲᠠ ᠶᠢ ᠠᠬᠢᠭᠤᠯᠤᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ︽ᠲᠤᠯᠤᠭᠠᠨ ᠲᠣᠰᠬᠤᠨ︾ ᠤ ᠵᠠᠭᠪᠤᠷ ᠤᠨ ᠪᠣᠯᠪᠠᠰᠤᠷᠠᠩᠭᠤᠶ ᠬᠡᠮᠵᠢᠶ᠎ᠡ ᠪᠠ ᠳᠠᠬᠢᠨ ᠡᠭᠦᠰᠬᠦ ᠴᠢᠨᠠᠷ ᠢ ᠭᠤᠤᠯᠳᠠᠯᠭ᠎ᠠ ᠲᠠᠢ ᠳᠡᠭᠡᠭᠰᠢᠯᠡᠭᠦᠯᠵᠦ᠂ ︽ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ᠂ ᠠᠮᠢ ᠠᠬᠤᠶ ᠶᠢ ᠬᠠᠮᠠᠭᠠᠯᠠᠬᠤ᠂ ᠠᠵᠤ ᠦᠶ᠋ᠯᠡᠰ ᠢ ᠪᠤᠶᠢᠵᠢᠭᠤᠯᠬᠤ︾ ᠬᠥᠭᠵᠢᠯᠲᠡ ᠶᠢᠨ ᠰᠢᠰᠲ᠋ᠧᠮ ᠢ ᠪᠠᠶᠢᠭᠤᠯᠵᠤ᠂ ᠣᠷᠣᠨ ᠪᠦᠰᠡ ᠶᠢᠨ ᠣᠨᠴᠠᠯᠢᠭ ᠲᠠᠢ ᠵᠢᠱᠢᠶ᠎ᠡ ᠦᠵᠡᠭᠦᠯᠬᠦ ᠵᠠᠭᠪᠤᠷ ᠢ ᠪᠣᠶ ᠪᠣᠯᠭᠠᠬᠤ ᠬᠡᠷᠡᠭᠲᠡᠶ᠃ 12 ᠲᠤᠷᠰᠢᠯᠲᠠ ᠶᠢᠨ ᠭᠠᠴᠠᠭ᠎ᠠ ᠳᠤ ︽ᠨᠢᠭᠡ ᠵᠢᠱᠢᠶ᠎ᠡ ᠦᠵᠡᠭᠦᠯᠬᠦ ᠭᠠᠴᠠᠭ᠎ᠠ ᠪᠠᠷ ᠨᠢᠭᠡ ᠬᠦᠭᠵᠢᠵᠦ ᠪᠠᠶᠢᠭ᠎ᠠ ᠭᠠᠴᠠᠭ᠎ᠠ ᠶᠢ ᠳᠠᠶᠢᠴᠢᠯᠠᠬᠤ︾ ᠠᠵᠢᠯ ᠤᠨ ᠵᠠᠭᠪᠤᠷ ᠢ ᠬᠡᠷᠡᠭᠯᠡᠵᠦ᠂ ᠬᠠᠮᠲᠤ ᠪᠠᠷ ᠬᠥᠭᠵᠢᠬᠦ ᠰᠠᠶᠢᠨ ᠰᠠᠶᠢᠬᠠᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃ ᠮᠠᠯᠴᠢᠳ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠦᠵᠡᠯ ᠰᠠᠨᠠᠭᠠᠨ ᠤ ᠳᠠᠶᠢᠴᠢᠯᠠᠯᠲᠠ ᠶᠢ ᠴᠢᠩᠭᠠᠳᠬᠠᠵᠤ᠂ ᠮᠠᠯᠴᠢᠳ ᠤᠨ ᠥᠭᠡᠷᠡᠴᠢᠯᠡᠯᠲᠡ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ ᠢ ᠴᠢᠩᠭᠠᠳᠬᠠᠬᠤ ᠬᠡᠷᠡᠭᠲᠡᠶ᠃ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠂ ᠮᠠᠯᠵᠢᠬᠤ ᠣᠷᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠤᠨ ᠨᠥᠬᠦᠪᠥᠷᠢ ᠥᠭᠬᠦ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠠᠮᠢ ᠠᠬᠤᠢ ᠶᠢᠨ ᠬᠠᠤᠯᠢ ᠬᠡᠷᠡᠭᠵᠢᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠭᠤ ᠡᠭᠦᠯᠳᠡᠷ ᠤᠨ ᠬᠤᠴᠠ ᠶᠢ ᠰᠠᠶᠢᠵᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠲᠥᠴᠢ ᠠᠵᠤ ᠠᠬᠤᠶᠢᠯᠠᠯ ᠤᠨ ᠬᠤᠯᠪᠣᠭᠠᠯᠠᠨ ᠮᠠᠯᠵᠢᠬᠤ ᠣᠷᠣᠨ ᠢ ᠳᠠᠭᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠪᠥᠬᠦ ᠶᠠᠪᠤᠴᠠ ᠶᠢ ᠮᠥᠷᠳᠡᠬᠦ ᠰᠢᠰᠲ᠋ᠧᠮ ᠢ ᠪᠠᠶᠢᠭᠤᠯᠬᠤ ᠬᠡᠷᠡᠭᠲᠡᠶ᠃ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠤᠨᠴᠠᠯᠢᠬᠳᠤ ︽ᠮᠠᠯᠵᠢᠬᠤ ᠡᠷᠦᠬᠡ ᠶᠢᠨ ᠵᠢᠭᠤᠯᠴᠢᠯᠠᠯ︾ ᠢ ᠢᠳᠡᠪᠬᠢᠲᠡᠢ ᠬᠥᠭᠵᠢᠭᠦᠯᠵᠦ᠂ ᠵᠢᠭᠤᠯᠴᠢᠯᠠᠯ ᠤᠨ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠬᠤ ᠬᠡᠷᠡᠭᠲᠡᠢ᠃ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠮᠠᠯ ᠠᠵᠤ ᠠᠬᠤᠶ ᠳᠤ ᠦᠢᠯᠡᠴᠢᠯᠡᠬᠦ ᠬᠢᠵᠠᠭᠠᠷᠲᠤ ᠺᠣᠮᠫᠠᠨᠢ ᠶᠢᠨ ᠲᠤᠰᠬᠠᠶ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠮᠠᠯᠵᠢᠬᠤ ᠣᠷᠣᠨ ᠤ ᠣᠳᠣᠬᠢᠴᠢᠯᠠᠭᠰᠠᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠠᠮᠢ ᠠᠬᠤᠢ ᠦᠢᠯᠡᠳᠪᠦᠷᠢᠯᠡᠯ ᠠᠮᠢᠳᠤᠷᠠᠯ ᠬᠤᠯᠪᠣᠭᠠᠯᠠᠨ ᠬᠥᠳᠡᠯᠦᠯᠴᠡᠬᠦ︾ ᠬᠠᠮᠵᠢᠯᠴᠠᠨ ᠬᠥᠭᠵᠢᠬᠦ ᠶᠢ ᠪᠦᠬᠦ ᠲᠠᠯ᠎ᠠ ᠪᠠᠷ ᠪᠡᠶᠡᠯᠡᠭᠦᠯᠵᠦ᠂ ᠮᠠᠯᠵᠢᠬᠤ ᠣᠷᠣᠨ ᠤ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ