ᠰᠠᠬᠢᠯᠭ᠎ᠠ ᠪᠠᠲᠤ ᠶᠢᠨ ᠪᠠᠶᠢᠭᠤᠯᠤᠯᠲᠠ ᠪᠣᠯ ᠶᠠᠭ ᠡᠷᠬᠢ ᠱᠤᠷᠠᠭ ᠢ ᠮᠤᠰᠬᠢᠬᠤ ᠲᠠᠢ ᠠᠳᠠᠯᠢ᠂ ᠡᠷᠬᠡᠪᠰᠢ ᠴᠠᠭ ᠢᠮᠠᠭᠲᠠ ᠴᠢᠩᠭ᠎ᠠ ᠠᠴᠠ ᠴᠢᠩᠭ᠎ᠠ ᠪᠠᠶᠢᠯᠭᠠᠬᠤ | ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ ᠪᠠᠶᠢᠭ᠎ᠠ ᠰᠢᠨ᠎ᠡ ᠪᠠᠶᠢᠳᠠᠯ ᠳᠣᠣᠷ᠎ᠠ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠬᠤ ᠳᠤ᠂ ︽ᠴᠢᠩᠭ᠎ᠠ ᠪᠠᠶᠢᠬᠤ︾ ᠭᠤᠣᠯ ᠬᠦᠭ ᠠᠶᠠᠰ ᠢ ᠢᠮᠠᠭᠲᠠ ᠪᠠᠷᠢᠮᠲᠠᠯᠠᠵᠤ᠂ ᠰᠠᠬᠢᠯᠭ᠎ᠠ ᠪᠠᠲᠤ ᠶᠢᠨ | ᠪᠠᠶᠢᠭᠤᠯᠤᠯᠲᠠ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠲᠡᠮᠦᠷ ᠮᠡᠲᠦ ᠴᠢᠩᠭ᠎ᠠ ᠬᠠᠲᠠᠭᠤ ᠲᠣᠭᠲᠠᠭᠠᠯ ᠢᠶᠠᠷ ᠬᠦᠴᠦᠯᠡᠵᠦ᠂ ᠴᠠᠭᠠᠵᠠ ᠵᠠᠷᠯᠢᠭ ᠢᠶᠠᠷ ᠰᠦᠷ | ᠬᠦᠴᠦᠨ ᠲᠠᠢ ᠪᠠᠶᠢᠬᠤ ᠶᠢ ᠪᠠᠳᠤᠯᠠᠬᠤ ᠬᠡᠷᠡᠭᠲᠡᠢ᠃ | ᠣᠶᠢᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠠᠰᠠᠪᠤᠷᠢ ᠣᠷᠣᠭᠤᠯᠤᠭᠰᠠᠨ ᠤ | ᠳᠠᠷᠠᠭᠠᠬᠢ ︽ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ︾ ᠢ | ᠳᠠᠷᠤᠮᠠᠯᠯᠠᠨ ᠲᠠᠷᠬᠠᠭᠠᠵᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠴᠢᠩᠭᠠᠳᠬᠠᠵᠤ᠂ ᠨᠠᠮ ᠵᠠᠰᠠᠭ ᠤᠨ ᠪᠠᠶᠢᠭᠤᠯᠭ᠎ᠠ ᠶᠢᠨ ᠲᠦᠷᠦᠭᠦᠯᠡᠨ ᠬᠢᠵᠤ ᠠᠷᠪᠢᠯᠠᠨ ᠭᠠᠮᠨᠠᠬᠤ ᠶᠢ ᠡᠰᠡᠷᠭᠦᠴᠡᠬᠦ ᠳᠦᠷᠢᠮ ᠤᠨ ᠡᠷᠬᠢ ᠱᠤᠷᠠᠭ ᠢ ᠤᠯᠠᠮ ᠨᠢᠭᠡ | ᠠᠯᠬᠤᠮ ᠴᠢᠩᠭᠠᠯᠠᠵᠤ᠂ ᠳᠦᠷᠢᠮ ᠤᠨ ᠰᠢᠩᠭᠡᠯᠢᠭ ᠢ ᠰᠢᠨᠲᠠᠷᠠᠰᠢ ᠦᠭᠡᠢ ᠴᠢᠩᠭᠠᠯᠠᠬᠤ ᠲᠤᠭᠳᠠᠯ ᠬᠦᠴᠦᠨ ᠪᠠ ᠡᠷᠡᠰ ᠵᠣᠷᠢᠭ ᠢ ᠢᠯᠡᠷᠡᠭᠦᠯᠪᠡ᠃ | ᠰᠠᠬᠢᠯᠭ᠎ᠠ ᠪᠠᠲᠤ ᠶᠢᠨ ᠡᠷᠬᠢ ᠱᠤᠷᠠᠭ ᠢ ᠴᠢᠩᠭᠠᠯᠠᠬᠤ ᠳᠤ᠂ ᠡᠩ ᠲᠡᠷᠢᠭᠦᠨ ᠳᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ | ᠬᠡᠷᠡᠭᠲᠡᠢ᠃ ᠣᠳᠣᠬᠠᠨ ᠳᠤ ᠴᠥᠭᠡᠨ ᠲᠣᠭᠠᠨ ᠤ ᠨᠠᠮ ᠤᠨ ᠭᠡᠰᠢᠭᠦᠨ ᠺᠠᠳ᠋ᠷ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠨᠠᠶᠢᠷ ᠲᠠᠯ᠎ᠠ ᠶᠢᠨ | ᠶᠠᠪᠤᠯᠴᠠᠭ᠎ᠠ ᠪᠠᠷ ᠦᠵᠡᠵᠦ᠂ ᠨᠤᠲᠤᠭ ᠤᠨ ᠣᠨᠴᠠ ᠭᠠᠷᠤᠯᠲᠠ ᠶᠢ ᠬᠦᠯᠢᠶᠡᠨ ᠠᠪᠬᠤ ᠶᠢ ︽ᠶᠠᠯᠢᠮ ᠦᠭᠡᠢ ᠵᠦᠢᠯ ᠬᠠᠮᠢᠶ᠎ᠠ ᠦᠭᠡᠢ ᠶᠠᠪᠤᠳᠠᠯ︾ ᠭᠡᠮᠡᠨ ᠦᠵᠡᠵᠦ ᠪᠤᠢ | ᠃ ᠰᠤᠷᠲᠠᠯ ᠢᠯᠵᠢᠷᠠᠯ ᠪᠤᠯ ᠨᠢᠭᠡ ᠴᠣᠭᠴᠠ᠂ ᠦᠨᠳᠦᠰᠦ ᠰᠤᠷᠪᠤᠯᠵᠢ ᠨᠢᠭᠡᠲᠡᠢ ᠶᠤᠮ᠂ ᠡᠳᠡᠭᠡᠷ ᠪᠤᠷᠤᠭᠤ ᠲᠠᠨᠢᠯᠲᠠ ᠶᠢ ᠴᠠᠭ ᠲᠤᠬᠠᠢ ᠳᠤᠨᠢ ᠵᠠᠯᠠᠷᠠᠭᠤᠯᠬᠤ ᠦᠭᠡᠢ | ᠪᠣᠯ ᠰᠠᠬᠢᠯᠭ᠎ᠠ ᠪᠠᠲᠤ ᠶᠢᠨ ᠰᠡᠷᠭᠡᠶᠢᠯᠡᠯᠲᠡ ᠶᠢᠨ ᠱᠤᠭᠤᠮ ᠢ ᠰᠦᠢᠷᠡᠭᠦᠯᠬᠦ ᠨᠢ ᠵᠠᠶᠢᠯᠠᠰᠢ ᠦᠭᠡᠢ ᠶᠤᠮ᠃ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠢ ᠥᠷᠨᠢᠭᠦᠯᠵᠦ | ᠂ ᠨᠠᠮ ᠤᠨ ᠳᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠵᠠᠪᠠᠯ ᠰᠤᠷᠬᠤ ᠬᠢᠴᠢᠶᠡᠯ ᠪᠣᠯᠭᠠᠵᠤ᠂ ᠨᠠᠮ ᠤᠨ ᠭᠡᠰᠢᠭᠦᠨ ᠺᠠᠳ᠋ᠷ | ᠨᠢᠭᠡᠪᠦᠷᠢ ᠶᠢ ᠰᠡᠳᠬᠢᠯ ᠤᠨ ᠭᠦᠨ ᠠᠴᠠ ᠪᠠᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ︽ᠨᠢᠭᠡ ᠬᠠᠶᠢᠷᠴᠠᠭ ᠲᠠᠮᠠᠬᠢ᠂ ᠨᠢᠭᠡ ᠯᠣᠩᠬᠣ᠋ ᠠᠷᠢᠬᠢ᠂ ᠨᠢᠭᠡ | ᠡᠷᠢᠨ ᠤ ᠬᠤᠭᠤᠯᠠ︾ ᠵᠡᠷᠭᠡ ᠦᠵᠡᠬᠦ ᠳᠤ ᠬᠥᠩᠭᠡᠪᠲᠦᠷ ᠰᠤᠷᠲᠠᠯ ᠤᠨ ᠠᠰᠠᠭᠤᠳᠠᠯ ᠤᠨ ᠬᠤᠣᠷ ᠬᠥᠨᠥᠭᠡᠯ ᠢ ᠲᠣᠳᠣᠷᠬᠠᠢ ᠲᠠᠨᠢᠭᠤᠯᠵᠤ᠂ ᠪᠢᠰᠢᠷᠡᠨ ᠵᠢᠷᠦᠬᠡᠰᠢᠶᠡᠬᠦ᠂ | ᠰᠡᠷᠡᠮᠵᠢᠯᠡᠨ ᠬᠢᠴᠢᠶᠡᠬᠦ᠂ ᠬᠤᠷᠢᠭ᠎ᠠ ᠱᠤᠭᠤᠮ ᠢ ᠪᠠᠳᠤ ᠰᠠᠬᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ | ᠰᠠᠬᠢᠯᠭ᠎ᠠ ᠪᠠᠲᠤ ᠶᠢᠨ ᠡᠷᠬᠢ ᠱᠤᠷᠠᠭ ᠢ ᠴᠢᠩᠭᠠᠯᠠᠬᠤ ᠳᠤ᠂ ᠵᠠᠩᠭᠢᠯᠠᠭ᠎ᠠ ᠨᠢ ᠳᠦᠷᠢᠮ ᠢ ᠬᠡᠷᠡᠭᠵᠢᠭᠦᠯᠬᠦ ᠳᠤ ᠲᠦᠰᠢᠭᠯᠡᠬᠦ ᠬᠡᠷᠡᠭᠳᠡᠢ᠃ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠳᠦᠷᠢᠮ︾ ᠳᠤ ︽ᠳᠥᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ᠂ ᠢᠯᠠᠩᠭᠤᠶ᠎ᠠ ᠱᠠᠯᠢᠨ ᠪᠦᠷᠢᠯᠭᠡᠬᠦ ᠦᠵᠡᠭᠳᠡᠯ ᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠬᠦ ᠳᠤ ᠴᠢᠭᠯᠡᠭᠦᠯᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠴᠢᠩᠳᠠᠯᠠᠨ᠂ ᠳᠦᠷᠢᠮ ᠢ ᠨᠡᠩ ᠴᠢᠩᠳᠠᠯᠠᠪᠠ᠃ ᠢᠵᠢ | ᠪᠦᠷᠢᠳᠦᠭᠰᠡᠨ ᠳᠦᠷᠢᠮ ᠢ ᠦᠷᠭᠦᠯᠵᠢᠯᠡᠨ ᠲᠡᠭᠦᠯᠳᠡᠷᠵᠢᠭᠦᠯᠵᠦ᠂ ᠪᠣᠳᠠᠲᠠᠢ ᠲᠣᠭᠲᠠᠭᠠᠯ ᠢ ᠨᠠᠷᠢᠯᠢᠭᠵᠢᠭᠤᠯᠵᠤ᠂ ᠬᠡᠷᠡᠭᠵᠢᠭᠦᠯᠦᠯᠲᠡ ᠶᠢ ᠨᠡᠩ ᠦᠨᠳᠦᠰᠦ ᠪᠠᠷᠢᠮᠲᠠ ᠲᠠᠢ | ᠂ ᠬᠢᠨᠠᠯᠲᠠ ᠶᠢ ᠨᠡᠩ ᠭᠠᠷᠳᠡᠴᠡ ᠲᠠᠢ ᠪᠣᠯᠭᠠᠬᠤ ᠬᠡᠷᠡᠭᠲᠡᠢ᠃ ᠡᠭᠦᠨ ᠤ ᠵᠡᠷᠭᠡ ᠪᠠᠷ ᠳᠦᠷᠢᠮ ᠤᠨ ᠴᠢᠩᠭ᠎ᠠ ᠬᠠᠲᠠᠭᠤ ᠴᠢᠨᠠᠷ ᠢ ᠴᠢᠩᠭᠠᠳᠬᠠᠵᠤ᠂ ᠥᠷᠭᠡᠨ ᠣᠯᠠᠨ | ᠨᠠᠮ ᠤᠨ ᠭᠡᠰᠢᠭᠦᠨ ᠺᠠᠳ᠋ᠷᠴᠤᠳ ᠢ ᠰᠠᠬᠢᠯᠭ᠎ᠠ ᠪᠠᠲᠤ ᠶᠢ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠠᠶᠢᠯᠭᠠᠵᠤ᠂ ᠰᠠᠬᠢᠯᠭ᠎ᠠ ᠪᠠᠲᠤ ᠲᠠᠢ ᠬᠠᠯᠳᠠᠭᠰᠠᠳ ᠢ ᠴᠢᠩᠭ᠎ᠠ | ᠰᠶᠢᠳᠪᠦᠷᠢᠯᠡᠨ᠂ ᠴᠡᠭᠡᠷᠯᠡᠯ ᠪᠣᠯᠭᠠᠵᠤ᠂ ᠡᠯ᠎ᠡ ᠵᠦᠢᠯ ᠤᠨ ᠰᠠᠬᠢᠯᠭ᠎ᠠ ᠪᠠᠲᠤ ᠶᠣᠰᠣ ᠳᠦᠷᠢᠮ ᠢ ᠦᠨᠡᠨ ᠬᠦ ᠬᠦᠨᠳᠡᠵᠤ ᠪᠤᠯᠤᠰᠢ ᠦᠬᠡᠢ ︽ᠥᠨᠳᠥᠷ ᠬᠦᠴᠦᠳᠡᠯᠲᠦ | ᠴᠠᠬᠢᠯᠭᠠᠨ ᠤᠲᠠᠰᠤ︾ ᠪᠣᠯᠭᠠᠬᠤ ᠬᠡᠷᠡᠭᠲᠡᠢ᠃ | ᠰᠠᠬᠢᠯᠭ᠎ᠠ ᠪᠠᠲᠤ ᠶᠢᠨ ᠡᠷᠬᠢ ᠱᠤᠷᠠᠭ ᠢ ᠴᠢᠩᠭᠠᠯᠠᠬᠤ ᠳᠤ᠂ ᠪᠠᠶᠢᠩᠭᠤ ᠠᠳᠬᠤᠵᠤ ᠤᠷᠳᠤ ᠬᠤᠭᠤᠴᠠᠭ᠎ᠠ ᠪᠠᠷ ᠠᠳᠬᠤᠬᠤ ᠪᠠᠷ ᠭᠤᠣᠯᠳᠠᠯᠭ᠎ᠠ ᠪᠣᠯᠭᠠᠬᠤ | ᠬᠡᠷᠡᠭᠳᠡᠢ᠃ ︽ᠨᠢᠬᠡᠨ ᠵᠡᠷᠬᠡ ᠶᠢᠨ ᠰᠠᠯᠬᠢᠨ︾ ᠮᠠᠶ᠋ᠢᠭ ᠤᠨ ᠭᠡᠨᠡᠳᠲᠡ ᠶᠢᠨ ᠴᠡᠭᠴᠡᠯᠡᠨ ᠵᠠᠰᠠᠯᠲᠠ ᠶᠢ ᠦᠷᠨᠢᠬᠦᠯᠦᠭᠡᠳ ᠯᠡ ᠪᠠᠶᠢᠵᠤ ᠪᠣᠯᠬᠤ ᠦᠭᠡᠢ ᠮᠥᠷᠲᠡᠭᠡᠨ | ᠪᠠᠰᠠ ︽ᠲᠦᠷ ᠠᠮᠤᠰᠬᠢᠬᠦ︾ ᠬᠤᠶᠢᠷᠭᠤᠰᠢᠬᠤ ᠪᠤᠳᠤᠯ ᠲᠠᠢ ᠪᠠᠶᠢᠵᠤ ᠪᠣᠯᠬᠤ ᠦᠭᠡᠢ᠃ ᠰᠠᠬᠢᠯᠭ᠎ᠠ ᠪᠠᠲᠤ ᠶᠢᠨ ᠬᠢᠨᠠᠯᠲᠠ ᠲᠠᠯᠪᠢᠬᠤ ᠶᠢ ᠡᠳᠦᠷ ᠲᠤᠳᠤᠮ ᠤᠨ | ᠠᠵᠢᠯ ᠳᠠᠭᠠᠨ ᠠᠭᠤᠰᠤᠯᠴᠠᠭᠤᠯᠵᠤ᠂ ᠴᠢᠩᠭ᠎ᠠ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠦᠨᠡᠨ ᠬᠦ ᠬᠠᠮᠢᠶᠠᠷᠴᠤ ᠦᠨᠡᠨ ᠬᠦ ᠴᠢᠩᠭ᠎ᠠ ᠪᠠᠶᠢᠵᠤ ᠬᠠᠰᠢ | ᠶᠠᠰᠢ ᠪᠠᠶᠢᠵᠤ ᠪᠤᠯᠬᠤ ᠦᠭᠡᠢ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠭ᠎ᠠ ᠪᠠᠶᠢᠵᠤ ᠵᠥᠭᠡᠯᠡᠨ ᠤᠷᠤᠵᠤ ᠪᠤᠯᠬᠤ ᠦᠭᠡᠢ᠂ ᠤᠷᠳᠤ ᠬᠤᠭᠤᠴᠠᠭ᠎ᠠ ᠪᠠᠷ ᠬᠠᠮᠢᠶᠠᠷᠴᠤ | ᠤᠷᠳᠤ ᠬᠤᠭᠤᠴᠠᠭ᠎ᠠ ᠪᠠᠷ ᠴᠢᠩᠭ᠎ᠠ ᠪᠠᠶᠢᠵᠤ ᠬᠤᠶᠢᠷᠭᠤᠰᠢᠬᠤ ᠦᠭᠡᠢ ᠪᠠᠶᠢᠬᠤ ᠶᠢ ᠪᠡᠶᠡᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ | ᠬᠥᠭᠵᠢᠬᠦ ᠶᠢ ᠠᠬᠢᠭᠤᠯᠬᠤ ᠬᠡᠷᠡᠭᠲᠡᠢ᠃ | ᠰᠤᠷᠲᠠᠯ ᠤᠨ ᠪᠠᠶᠢᠭᠤᠯᠤᠯᠲᠠ ᠶᠢᠨ ᠡᠷᠬᠢᠮ ᠨᠢ ᠪᠠᠷᠢᠮᠲᠠᠯᠠᠬᠤ ᠳᠤ ᠪᠤᠢ᠂ ᠬᠦᠴᠢᠷ ᠨᠢ ᠪᠠᠷᠢᠮᠲᠠᠯᠠᠬᠤ ᠳᠤ ᠪᠤᠢ᠂ ᠠᠮᠵᠢᠯᠲᠠ ᠪᠦᠲᠦᠮᠵᠢ ᠨᠢ ᠴᠦ | ᠪᠠᠷᠢᠮᠲᠠᠯᠠᠬᠤ ᠳᠤ ᠪᠤᠢ᠃ ︽ᠡᠭᠦᠷᠢᠳᠡ ᠵᠣᠭᠰᠣᠰᠢ ᠦᠭᠡᠢ︾ ᠬᠠᠳᠠᠨ ᠵᠣᠷᠢᠭ ᠪᠠ ᠪᠠᠷᠢᠮᠲᠠᠯᠠᠯ ᠢᠶᠠᠷ ᠰᠦᠷ ᠬᠦᠴᠦᠲᠦ ᠪᠠᠶᠢᠳᠠᠯ ᠢ ᠦᠷᠭᠦᠯᠵᠢᠯᠡᠨ ᠪᠠᠲᠤᠯᠠᠵᠤ᠂ | ᠴᠤᠬᠤᠶᠢᠯᠳᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ᠂ ᠲᠠᠯᠳᠠ ᠴᠢᠨᠠᠷᠲᠠᠢ ᠠᠰᠠᠭᠤᠳᠠᠯ ᠢ ᠨᠢᠭᠲᠠ ᠠᠩᠬᠠᠷᠴᠤ᠂ ᠰᠠᠬᠢᠯᠭ᠎ᠠ ᠪᠠᠲᠤ ᠶᠢ ᠢᠮᠠᠭᠲᠠ ︽ᠴᠠᠬᠢᠯᠭᠠᠨ︾ | ᠲᠠᠢ ᠪᠠᠶᠢᠯᠭᠠᠵᠤ᠂ ᠳᠦᠷᠢᠮ ᠢ ᠦᠷᠭᠦᠯᠵᠢᠯᠡᠨ ᠰᠦᠷ ᠬᠦᠴᠦᠨ ᠲᠠᠢ ᠪᠣᠯᠭᠠᠬᠤ ᠬᠡᠷᠡᠭᠲᠡᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 19 ᠤ ᠴᠠᠬᠢᠯᠭᠠᠨ ᠮᠡᠳᠡᠭᠡ︶ | | |