ᠨᠢᠭᠡ᠂ ᠦᠵᠡᠬᠦ ᠳᠤ ᠪᠣᠭᠤᠳᠠᠯ ᠨᠢ ᠰᠠᠶᠢᠨ ᠰᠢᠭ᠋ ᠢᠳᠡᠭᠡᠨ ᠪᠤᠶᠤ ᠢᠳᠡᠭᠡᠨ ᠤ ᠲᠦᠭᠦᠬᠡᠢ ᠮᠠᠲ᠋ᠧᠷᠢᠶᠠᠯ ᠢ ᠰᠣᠩᠭᠤᠨ᠎ᠠ᠂ ᠣᠨᠴᠠᠭᠠᠶᠢᠯᠠᠨ ᠰᠢᠨ᠎ᠡ ᠰᠣᠷᠭᠤᠭ | ᠡᠰᠡᠬᠦ᠂ ᠴᠢᠨᠠᠷ ᠢ ᠪᠠᠲᠤᠯᠠᠬᠤ ᠬᠤᠭᠤᠴᠠᠭᠠᠨ ᠳᠠᠭᠠᠨ ᠪᠠᠶᠢᠬᠤ ᠡᠰᠡᠬᠦ᠂ ᠪᠣᠭᠤᠳᠠᠯ ᠨᠢ ᠪᠦᠷᠢᠨ ᠪᠦᠲᠦᠨ ᠪᠠᠶᠢᠬᠤ ᠡᠰᠡᠬᠦ᠂ ᠬᠡᠢ ᠣᠷᠣᠭᠰᠠᠨ ᠡᠰᠡᠬᠦ ᠶᠢ ᠨᠠᠷᠢᠨ | ᠠᠵᠢᠭᠯᠠᠨ᠎ᠠ᠃ ᠡᠷᠡᠭᠦᠯᠵᠢᠯ ᠤᠨ ᠡᠳ᠋ ᠬᠤᠳᠠᠯᠳᠤᠨ ᠠᠪᠬᠤ ᠳᠠᠭᠠᠨ ᠲᠡᠮᠳᠡᠭ ᠪᠠ ᠵᠥᠪᠰᠢᠶᠡᠷᠡᠯ ᠤᠨ ᠳ᠋ᠤᠭᠠᠷ ᠢ ᠨᠢ ᠨᠠᠷᠢᠨ ᠦᠵᠡᠨ᠎ᠡ᠃ | ᠬᠤᠶᠠᠷ᠂ ᠪᠣᠯᠤᠭᠰᠠᠨ ᠢᠳᠡᠭᠡᠨ ᠪᠤᠶᠤ ᠬᠥᠯᠳᠡᠭᠡᠭᠦᠷ ᠲᠤ ᠬᠠᠳᠠᠭᠠᠯᠠᠨ ᠬᠤᠳᠠᠯᠳᠤᠵᠤ ᠪᠠᠶᠢᠭ᠎ᠠ ᠢᠳᠡᠭᠡᠨ ᠢ ᠬᠤᠳᠠᠯᠳᠤᠨ ᠠᠪᠬᠤ ᠳᠠᠭᠠᠨ ᠵᠥᠭᠡᠭᠡᠪᠦᠷᠢᠯᠡᠨ | ᠬᠠᠳᠠᠭᠠᠯᠠᠬᠤ ᠨᠥᠬᠦᠴᠡᠯ ᠳᠤ ᠨᠡᠶᠢᠴᠡᠭᠰᠡᠨ ᠡᠰᠡᠬᠦ ᠶᠢ ᠠᠩᠬᠠᠷᠤᠨ᠎ᠠ᠃ ᠬᠤᠳᠠᠯᠳᠤᠨ ᠠᠪᠴᠢᠷᠠᠭᠰᠠᠨ ᠤ ᠳᠠᠷᠠᠭ᠎ᠠ ᠬᠥᠯᠳᠡᠭᠡᠭᠦᠷ ᠲᠡᠭᠡᠨ ᠪᠣᠯᠤᠭᠰᠠᠨ ᠢᠳᠡᠭᠡᠨ ᠢ ᠳᠡᠭᠡᠷ᠎ᠡ | ᠳᠠᠪᠬᠤᠷᠭ᠎ᠠ ᠳᠤ᠂ ᠬᠥᠯᠳᠡᠭᠦᠦ ᠢᠳᠡᠭᠡᠨ ᠢ ᠳᠣᠣᠷ᠎ᠠ ᠳᠠᠪᠬᠤᠷᠭ᠎ᠠ ᠳᠤ ᠬᠢᠵᠦ ᠬᠠᠳᠠᠭᠠᠯᠠᠨ᠎ᠠ᠃ | ᠭᠤᠷᠪᠠ᠂ ᠨᠢᠭᠡᠯᠡ ᠳᠡᠭᠡᠷ᠎ᠡ ᠬᠡᠲᠦᠷᠡᠲᠡᠯ᠎ᠡ ᠠᠷᠪᠢᠨ ᠢᠳᠡᠭᠡᠨ ᠬᠤᠳᠠᠯᠳᠤᠨ ᠠᠪᠬᠤ ᠶᠢ ᠲᠡᠪᠴᠢᠵᠦ᠂ ᠬᠠᠳᠠᠭᠠᠯᠠᠬᠤ ᠠᠷᠭ᠎ᠠ ᠵᠣᠬᠢᠮᠵᠢ ᠦᠭᠡᠢ ᠪᠤᠶᠤ ᠭᠡᠳᠣ | ᠤᠳᠠᠭᠠᠨ ᠬᠠᠳᠠᠭᠠᠯᠠᠭᠰᠠᠨ ᠠᠴᠠ ᠪᠣᠯᠵᠤ ᠢᠳᠡᠭᠡᠨ ᠤ ᠴᠢᠨᠠᠷ ᠬᠤᠪᠢᠷᠠᠬᠤ ᠠᠴᠠ ᠰᠡᠷᠭᠡᠶᠢᠯᠡᠨ᠎ᠡ᠃ | ᠳᠥᠷᠪᠡ᠂ ᠭᠡᠷ ᠲᠡᠭᠡᠨ ᠠᠷᠪᠢᠨ ᠵᠦᠢᠯ ᠤᠨ ᠨᠣᠭᠤᠭ᠎ᠠ ᠪᠤᠳᠠᠭ᠎ᠠ ᠬᠢᠬᠦ ᠳᠡᠭᠡᠨ ᠫᠢᠯᠠ ᠳᠠᠭᠠᠨ ᠰᠠᠯᠭᠠᠵᠤ ᠰᠠᠪᠠᠯᠠᠨ᠎ᠠ᠃ | ᠲᠠᠪᠤ᠂ ︽ᠰᠣᠨᠢᠨ ᠰᠡᠪᠡᠭᠦᠨ︾᠂ ︽ᠵᠡᠷᠯᠢᠭ ᠠᠮᠲᠠ︾ ᠵᠡᠷᠭᠡ ᠡᠩ ᠤᠨ ᠴᠠᠭ ᠲᠤ ᠦᠷᠭᠦᠯᠵᠢ ᠢᠳᠡᠳᠡᠭ ᠦᠭᠡᠢ ᠪᠤᠶᠤ ᠢᠳᠡᠵᠦ ᠥᠩᠭᠡᠷᠡᠭᠡ ᠦᠭᠡᠢ | ᠢᠳᠡᠭᠡᠨ ᠤ ᠵᠦᠢᠯ ᠵᠢᠴᠢ ᠠᠮᠠᠷᠬᠠᠨ ᠬᠠᠷᠰᠢᠯ ᠡᠭᠦᠰᠬᠦ ᠢᠳᠡᠭᠡᠨ ᠤ ᠵᠦᠢᠯ ᠢ ᠠᠯᠢ ᠪᠤᠯᠬᠤ ᠪᠠᠷ ᠬᠡᠷᠡᠭᠯᠡᠬᠦ ᠦᠭᠡᠢ᠂ ᠣᠨᠴᠠᠭᠠᠶᠢᠯᠠᠨ ᠨᠠᠰᠤᠳᠡᠶᠢᠴᠤᠣᠯ᠂ ᠬᠡᠦᠬᠡᠳ | ᠪᠠᠭᠠᠴᠤᠳ᠂ ᠪᠡᠶ᠎ᠡ ᠳᠠᠪᠬᠤᠷ ᠡᠮᠡᠭᠲᠡᠶᠢᠴᠦᠳ ᠵᠢᠴᠢ ᠪᠡᠶ᠎ᠡ ᠮᠠᠭᠤ ᠬᠥᠮᠥᠰ ᠤᠯᠠᠮ ᠠᠩᠬᠠᠷᠬᠤ ᠴᠢᠬᠤᠯᠠᠲᠠᠢ᠃ | ᠵᠢᠷᠭᠤᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠵᠠᠷᠯᠠᠯ ᠨᠡᠶᠢᠲᠡᠯᠡᠵᠦ ᠴᠠᠭᠠᠵᠠᠯᠠᠭᠰᠠᠨ ᠢᠳᠡᠭᠡᠨ᠂ ᠢᠷᠡᠯ ᠭᠠᠷᠤᠯ ᠨᠢ ᠲᠣᠳᠣᠷᠬᠠᠢ ᠦᠭᠡᠢ ᠢᠳᠡᠭᠡᠨ ᠢ | ᠲᠡᠭᠦᠬᠦ ᠦᠭᠡᠢ᠂ ᠬᠤᠳᠠᠯᠳᠤᠨ ᠠᠪᠬᠤ ᠦᠭᠡᠢ᠂ ᠢᠳᠡᠬᠦ ᠦᠭᠡᠢ᠂ ᠬᠤᠣᠷᠳᠠᠭᠳᠠᠬᠤ ᠠᠴᠠ ᠰᠡᠷᠭᠡᠶᠢᠯᠡᠨ᠎ᠡ᠃ | ᠲᠤᠯᠤᠭ᠎ᠠ᠂ ᠢᠳᠡᠭᠡᠨ ᠤᠮᠳᠠᠭᠠᠨ ᠬᠤᠳᠠᠯᠳᠤᠨ ᠠᠪᠬᠤ ᠪᠠ ᠬᠡᠭᠡᠷ᠎ᠡ ᠭᠠᠳᠠᠭ᠎ᠠ ᠭᠠᠷᠴᠤ ᠬᠤᠭᠤᠯᠠᠯᠠᠬᠤ ᠪᠠᠷ ᠢᠳᠡᠭᠡᠨ ᠤᠮᠳᠠᠭᠠᠨ ᠪᠡᠯᠡᠳᠬᠡᠬᠦ ᠳᠡᠭᠡᠨ ᠦᠨᠡᠮᠯᠡᠯ | ᠪᠦᠷᠢᠨ ᠭᠦᠢᠴᠡᠳ ᠢᠳᠡᠭᠡᠨ ᠤ ᠡᠵᠡᠩᠨᠡᠯᠲᠡ ᠶᠢᠨ ᠭᠠᠵᠠᠷ ᠠᠴᠠ ᠬᠤᠳᠠᠯᠳᠤᠨ ᠠᠪᠴᠤ᠂ ᠬᠠᠮᠢᠶ᠎ᠠ ᠪᠦᠬᠦᠢ ᠭᠡᠷᠡᠴᠢ ᠪᠠᠷᠢᠮᠲᠠ ᠪᠠᠨ ᠭᠦᠢᠴᠡᠳ ᠠᠪᠤᠨ᠎ᠠ᠃ | ᠢᠳᠡᠭᠰᠡᠨ ᠤ ᠲᠠᠷᠠᠭ᠎ᠠ ᠪᠡᠶ᠎ᠡ ᠡᠪᠭᠦ᠋ᠢᠷᠡᠭᠦ ᠪᠠᠶᠢᠳᠠᠯ ᠢᠯᠡᠷᠡᠪᠡᠯ ᠳᠠᠷᠤᠢ ᠲᠦᠷᠭᠡᠨ ᠡᠮᠨᠡᠯᠭᠡ ᠳᠤ ᠣᠴᠢᠵᠤ ᠦᠵᠡᠭᠦᠯᠭᠦ ᠬᠡᠷᠡᠭᠲᠡᠢ᠃ | ᠨᠠᠢᠮᠠ᠂ ᠲᠤᠬᠠᠢ ᠶᠢᠨ ᠭᠠᠵᠠᠷ ᠤᠨ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠦᠯᠵᠢᠶ᠎ᠡ ᠶᠢᠨ | ᠢᠳᠡᠭᠡᠨ ᠤ ᠠᠮᠤᠷ ᠲᠦᠪᠰᠢᠨ ᠤ ᠰᠠᠨᠠᠭᠤᠯᠤᠮᠴᠢ ᠶᠢᠨ ᠰᠤᠷᠠᠭ ᠵᠠᠩᠭᠢ ᠶᠢ ᠴᠠᠭ ᠲᠤᠬᠠᠢ ᠳᠤᠨᠢ ᠠᠩᠬᠠᠷᠬᠤ ᠬᠡᠷᠡᠭᠲᠡᠢ᠃ ᠬᠡᠷᠪᠡ ᠢᠳᠡᠭᠡᠨ ᠤ ᠦᠢᠯᠡᠳᠪᠦᠷᠢᠯᠡᠯ | ᠡᠵᠡᠩᠨᠡᠯᠲᠡ ᠶᠢᠨ ᠪᠠᠶᠢᠭᠤᠯᠭ᠎ᠠ ᠳᠤ ᠢᠳᠡᠭᠡᠨ ᠤ ᠠᠮᠤᠷ ᠲᠦᠪᠰᠢᠨ ᠤ ᠠᠰᠠᠭᠤᠳᠠᠯ ᠣᠷᠣᠰᠢᠵᠤ ᠪᠠᠶᠢᠪᠠᠯ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠢᠯᠡᠴᠢᠯᠡᠨ ᠮᠡᠳᠡᠭᠦᠯᠬᠦ ᠤᠲᠠᠰᠤ 12331 ᠤᠷᠤᠭᠤ ᠵᠠᠯᠭᠠᠭᠠᠷᠠᠢ︕ |