ᠰᠢᠨ᠎ᠡ ᠪᠠᠷᠭᠤ ᠪᠠᠷᠠᠭᠤᠨ ᠬᠤᠰᠢᠭᠤ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠵᠢᠴᠢ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠳᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/23
      5 ᠰᠠᠷ᠎ᠠ ᠶᠢᠨ 22 ᠤᠨ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠵᠢᠴᠢ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠳᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ᠃ ᠪᠦᠬᠡᠪᠠᠶᠠᠷ᠂ ᠴᠧᠨ ᠯᠦᠩ ᠵᠡᠷᠭᠡ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠠᠷᠠᠳ ᠤᠨ ᠰᠢᠭᠦᠬᠦ ᠬᠤᠷᠢᠶ᠎ᠠ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠤᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ᠂ ᠪᠦᠬᠦ ᠤᠯᠤᠰ ᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠣᠨᠴᠠ ᠤᠷᠢᠭᠰᠠᠨ ᠰᠤᠳᠤᠯᠤᠭᠴᠢ ᠬᠠᠰ ᠤᠷᠢᠯᠭ᠎ᠠ ᠪᠠᠷ ᠬᠤᠷᠠᠯ ᠳᠤ ᠣᠷᠣᠯᠴᠠᠪᠠ᠃
5.23表彰1.jpg
      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭᠠᠨ ᠤ ᠲᠤᠬᠠᠶ ᠵᠢᠭᠠᠪᠤᠷᠢ ᠶᠢ ᠤᠯᠠᠮᠵᠢᠯᠠᠵᠤ᠂ ᠪᠥᠬᠦ ᠬᠤᠰᠢᠭᠤᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠢ ᠬᠥᠬᠢᠭᠦᠯᠦᠨ ᠱᠠᠩᠨᠠᠪᠠ᠃       ᠪᠦᠬᠡᠪᠠᠶᠠᠷ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠪᠥᠬᠦ ᠬᠤᠰᠢᠭᠤᠨ ᠤ ᠦᠨᠳᠦᠰᠦᠲᠡᠨ ᠨᠦᠭᠦᠳ ‍ᠤᠨ‌ᠠᠵᠢᠯᠴᠢᠳ᠂ ᠮᠠᠯᠴᠢᠨ ᠲᠠᠷᠢᠶᠠᠴᠢᠳ᠂ ᠰᠡᠭᠡᠭᠡᠲᠡᠳ ᠵᠢᠴᠢ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠠ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ᠂ ᠬᠥᠬᠢᠭᠦᠯᠦᠯ ᠭᠥᠷᠳᠡᠭᠰᠡᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠲᠤ ᠬᠠᠯᠠᠭᠤᠨ ᠪᠠᠶᠠᠷ ᠬᠦᠷᠭᠡᠪᠡ᠃ ᠲᠡᠷᠡ᠂ ᠣᠳᠣᠬᠠᠨ ᠳᠤ ᠪᠦᠬᠦ ᠬᠤᠰᠢᠭᠤ ᠪᠠᠷ ᠢᠶᠠᠨ ᠶᠠᠭ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ᠂ ᠨᠢᠭᠡ ᠭᠤᠣᠯ ᠰᠢᠵᠢᠮ ᠢ ᠲᠤᠤᠱᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠵᠦ᠂ ︽ᠵᠢᠷᠭᠤᠭᠠᠨ ᠠᠵᠢᠯᠯᠠᠭ᠎ᠠ︾ ᠶᠢ ᠪᠣᠳᠠᠲᠠᠢ ᠠᠳᠬᠤᠨ᠂ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠤᠨ ᠦᠷ᠎ᠡ ᠪᠦᠲᠦᠭᠡᠯ ᠢ ᠪᠦᠬᠦ ᠲᠠᠯ᠎ᠠ ᠪᠠᠷ ᠬᠤᠪᠢᠷᠠᠭᠤᠯᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠤᠷᠤᠭᠰᠢᠯᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃ ᠪᠦᠬᠦ ᠬᠤᠰᠢᠭᠤ ᠪᠠᠷ ᠢᠶᠠᠨ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ᠂ ᠵᠠᠭᠤᠨ ᠵᠢᠯ ᠤᠨ ᠠᠵᠢᠯᠴᠢᠨ ᠤ ᠬᠥᠳᠡᠯᠭᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠬᠥᠳᠡᠯᠮᠦᠷᠢ ᠶᠢᠨ ᠵᠢᠱᠢᠶᠡᠴᠢ ᠶᠢᠨ ᠦᠯᠢᠭᠡᠷ ᠢ ᠰᠠᠶᠢᠲᠤᠷ ᠶᠠᠷᠢᠵᠤ᠂ ᠠᠵᠢᠯᠴᠢᠨ ᠠᠩᠭᠢ ᠪᠠ ᠥᠷᠭᠡᠨ ᠤᠯᠠᠨ ᠬᠥᠳᠡᠯᠮᠦᠷᠢᠴᠢᠨ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠢᠷᠭᠠᠭᠤ ᠬᠥᠳᠡᠯᠮᠦᠷᠢ ᠪᠠᠷ ᠢᠶᠠᠨ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠪᠦᠬᠡᠪᠠᠶᠠᠷ ᠪᠦᠬᠦ ᠬᠥᠳᠡᠯᠮᠦᠷᠢᠴᠢᠳ ᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠰᠢᠨ᠎ᠡ ᠨᠢᠭᠡ ᠡᠭᠡᠯᠵᠢ ᠶᠢᠨ ᠠᠵᠤ ᠦᠢᠯᠡᠰ ᠤᠨ ᠬᠤᠪᠢᠰᠤᠯᠲᠠ ᠶᠢᠨ ᠰᠢᠨ᠎ᠡ ᠬᠠᠨᠳᠤᠰᠢ ᠳᠤ ᠰᠠᠨᠠᠭᠠᠴᠢᠯᠠᠭ᠎ᠠ ᠠᠴᠠ ᠪᠠᠨ ᠵᠣᠬᠢᠴᠠᠨ᠂ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠲᠤ ᠢᠳᠡᠪᠬᠢᠲᠡᠢ ᠣᠷᠣᠯᠴᠠᠵᠤ᠂ ᠴᠠᠭᠠᠷᠠᠭᠰᠠᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠠᠵᠢᠯ ᠬᠢᠵᠦ ᠦᠢᠯᠡᠰ ᠴᠣᠭᠴᠠᠯᠠᠬᠤ ᠴᠢᠳᠠᠪᠤᠷᠢᠲᠠᠨ ᠪᠣᠯᠬᠤ ᠬᠡᠷᠡᠭᠲᠡᠢ ᠭᠡᠵᠦ ᠵᠣᠷᠢᠭᠵᠢᠭᠤᠯᠪᠠ᠃ ᠡᠭᠦᠨ ᠤ ᠬᠠᠮᠲᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯᠴᠢᠨ ᠤ ᠡᠪᠯᠡᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ︔ ᠡᠯ᠎ᠡ ᠰᠠᠯᠠᠭ᠎ᠠ ᠮᠥᠴᠢᠷ ᠬᠥᠳᠡᠯᠮᠦᠷᠢ ᠶᠢᠨ ᠵᠢᠱᠢᠶᠡᠴᠢ ᠶᠢ ᠬᠦᠨᠳᠦᠳᠬᠡᠨ ᠬᠠᠶᠢᠷᠠᠯᠠᠵᠤ᠂ ᠤᠯᠤᠰ ᠲᠥᠷᠥ ᠶᠢᠨ ᠤᠷᠮᠠᠰᠢᠭᠤᠯᠤᠯ᠂ ᠠᠵᠢᠯ ᠤᠨ ᠳᠡᠮᠵᠢᠯᠭᠡ᠂ ᠠᠮᠢᠳᠤᠷᠠᠯ ᠤᠨ ᠪᠠᠲᠤᠯᠠᠭ᠎ᠠ ᠪᠠ ᠪᠡᠶ᠎ᠡ ᠰᠡᠳᠬᠢᠯ ᠤᠨ ᠬᠠᠯᠠᠮᠵᠢᠯᠠᠯ ᠢ ᠪᠡᠶᠡᠯᠡᠭᠦᠯᠬᠦ ᠬᠡᠷᠡᠭᠲᠡᠶ︔ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠵᠢᠯᠳᠠᠨ ᠠᠵᠢᠯᠴᠢᠳ ᠤᠨ ᠡᠷᠬᠡ ᠠᠰᠢᠭ ᠢ ᠦᠨᠡᠨᠬᠦ ᠬᠠᠮᠠᠭᠠᠯᠠᠵᠤ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠠᠵᠢᠯᠳᠠᠨ ᠠᠵᠢᠯᠴᠢᠨ ᠣᠯᠠᠨ ᠲᠦᠮᠡᠨ ᠤ ᠰᠡᠳᠬᠢᠯ ᠳᠤ ᠦᠨᠡᠨᠬᠦ ᠬᠦᠷᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠬᠤᠰᠢᠭᠤᠨ ᠤ ᠲᠠᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠤ ᠲᠥᠯᠥᠭᠡᠯᠡᠭᠴᠢ ᠶᠠᠷᠢᠶ᠎ᠠ ᠲᠠᠯᠪᠢᠵᠤ᠂ ︽ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠳ ᠲᠤ ᠥᠭᠭᠦᠭᠰᠡᠨ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ