ᠪᠦᠬᠡᠪᠠᠶᠠᠷ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/23
      5 ᠰᠠᠷ᠎ᠠ ᠶᠢᠨ 21 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠪᠦᠯᠬᠦᠮ ᠳᠠᠭᠠᠭᠤᠯᠤᠨ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠢᠦᠶ ᠸᠧᠨ ᠴᠧᠩ᠂ ᠵᠧᠤ ᠬᠠᠶ ᠯᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠣᠯᠴᠠᠪᠠ᠃      ᠪᠦᠬᠡᠪᠠᠶᠠᠷ ᠤᠷᠢᠳ ᠬᠤᠵᠢᠳ ᠬᠤᠰᠢᠭᠤᠨ ᠤ ᠮᠠᠯᠴᠢᠨ ᠲᠠᠷᠢᠶᠠᠴᠢᠳ ᠤᠨ ᠷᠠᠳᠢᠣ᠋ ᠲᠧᠯᠸᠢᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠲᠥᠷᠥᠯ ᠵᠦᠢᠯ᠂ ᠠᠯᠳ᠋ᠬᠠᠮᠡᠭᠡᠯ ᠪᠠᠯᠭᠠᠰᠤ ︵ᠤᠯᠤᠰ ᠤᠨ ᠡᠭᠦᠳᠡ︶ ᠶᠢᠨ 15 ᠠᠩᠭᠢᠲᠤ ᠬᠡᠤᠬᠡᠳ ᠤᠨ ᠴᠡᠴᠡᠷᠯᠢᠭ ᠪᠠ ᠠᠷᠠᠳ ᠤᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠬᠥᠭᠵᠢᠯᠲᠡ ᠶᠢᠨ ᠲᠥᠯᠥᠪᠵᠢᠭᠦᠯᠭᠡ ᠶᠢ ᠨᠠᠷᠢᠯᠢᠭ ᠣᠶᠢᠯᠠᠭᠠᠬᠤ ᠶᠢᠨ ᠬᠠᠮᠲᠤ᠂ ᠲᠠᠷᠠᠭᠠᠴᠢ ᠶᠢᠨ ᠠᠯᠬᠤᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃      ᠪᠦᠬᠡᠪᠠᠶᠠᠷ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠬᠤᠲᠠ ᠶᠢᠨ ᠴᠢᠳᠠᠮᠵᠢ ᠶᠢ ᠳᠡᠭᠡᠭᠰᠢᠯᠡᠭᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠬᠤᠯᠪᠣᠭᠳᠠᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠤᠨ᠎ᠠ᠃ ᠬᠤᠰᠢᠭᠤ ᠳᠠᠶᠠᠭᠠᠷ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠤᠨ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠪᠠᠷᠢᠯᠭ᠎ᠠ ᠶᠢᠨ ᠬᠤᠭᠤᠴᠠᠭᠠᠨ ᠤ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠲᠦᠷᠦᠯ ᠵᠦᠢᠯ ᠢ ᠠᠬᠢᠭᠤᠯᠬᠤ ᠶᠢ ᠨᠥᠯᠥᠭᠡᠯᠡᠵᠦ ᠪᠠᠶᠢᠭ᠎ᠠ ᠬᠦᠴᠢᠷ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠨ᠂ ᠢᠨᠵᠧᠨᠧᠷᠢᠩ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠰᠢᠨᠵᠢᠯᠡᠬᠦ ᠤᠬᠠᠭᠠᠨᠴᠢ ᠪᠠᠷ ᠪᠦᠲᠦᠭᠡᠨ ᠪᠠᠶᠢᠭᠤᠯᠤᠯᠲᠠ ᠬᠢᠬᠦ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠦᠷᠭᠡᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠴᠠᠭ ᠤᠨ ᠵᠠᠩᠭᠢᠯᠠᠭ᠎ᠠ ᠶᠢᠨ ᠴᠡᠭ ᠪᠠ ᠡᠭᠦᠷᠭᠡ ᠬᠠᠷᠠᠯᠲᠠ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ᠂ ᠶᠠᠰᠤ ᠴᠢᠨᠠᠷ ᠪᠠ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠶᠢ ᠪᠠᠲᠤᠯᠠᠵᠤ᠂ ᠠᠷᠠᠳ ᠲᠦᠮᠡᠨ ᠰᠡᠳᠬᠢᠯ ᠬᠠᠨᠤᠮᠵᠢᠲᠠᠢ ᠠᠷᠠᠳ ᠤᠨ ᠠᠮᠢᠳᠤᠷᠠᠯ ᠤᠨ ᠴᠢᠨᠠᠷ ᠰᠠᠶᠢᠲᠠᠢ ᠰᠣᠳᠣᠨ ᠢᠨᠵᠧᠨᠧᠷᠢᠩ ᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠪᠦᠬᠡᠪᠠᠶᠠᠷ᠂ ᠣᠳᠣᠬᠠᠨ ᠳᠤ ᠶᠠᠭ ᠲᠥᠷᠥᠯ ᠵᠦᠢᠯ ᠤᠨ ᠰᠢᠪᠲᠤᠯᠤᠯᠲᠠ ᠶᠢᠨ ᠵᠠᠩᠭᠢᠯᠠᠭ᠎ᠠ ᠶᠢᠨ ᠴᠠᠭ ᠦᠶ᠎ᠡ ᠳᠤ ᠪᠣᠢ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠡᠯ᠎ᠡ ᠲᠠᠯ᠎ᠠ ᠶᠢᠨ ᠬᠢᠨ ᠨᠢᠭᠲᠠ ᠬᠠᠮᠵᠢᠯᠴᠠᠨ᠂ ᠬᠦᠴᠦ ᠪᠠᠨ ᠬᠠᠮᠲᠤᠳᠬᠠᠨ ᠠᠵᠢᠯᠯᠠᠵᠤ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠨ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯᠯᠠᠬᠤ ᠶᠠᠪᠤᠴᠠ ᠶᠢ ᠵᠢᠷᠤᠮᠵᠢᠭᠤᠯᠤᠨ᠂ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠨᠠᠷᠢᠨ ᠵᠦᠢᠯᠡᠰ ᠢ ᠲᠡᠭᠦᠯᠳᠡᠷᠵᠢᠭᠦᠯᠵᠦ᠂ ᠨᠢᠭᠲᠠ ᠠᠴᠠ ᠨᠢᠭᠲᠠ ᠪᠠᠶᠢᠵᠤ᠂ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠬᠤᠯᠠᠴᠢᠯᠠᠨ᠂ ᠴᠢᠨᠠᠷ ᠰᠠᠶᠢᠲᠠᠢ ᠢᠨᠵᠧᠨᠧᠷᠢᠩ᠂ ᠪᠣᠬᠢᠷᠲᠤᠯ ᠦᠭᠡᠢ ᠲᠦᠷᠦᠯ ᠵᠦᠢᠯ ᠢ ᠴᠢᠷᠮᠠᠶᠢᠨ ᠡᠭᠦᠳᠬᠦ ᠬᠡᠷᠡᠭᠲᠡᠢ᠃ ᠠᠬᠢᠴᠠ ᠶᠢᠨ ᠪᠣᠭᠤᠮᠲᠠ ᠶᠢ ᠴᠢᠩᠭ᠎ᠠ ᠠᠳᠬᠤᠵᠤ᠂ ᠲᠣᠭᠲᠠᠭᠰᠠᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ᠂ ᠡᠯ᠎ᠡ ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠠᠵᠢᠯ ᠳᠠᠭᠤᠰᠬᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ