5 ᠰᠠᠷ᠎ᠠ ᠶᠢᠨ 21 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ | ᠬᠤᠷᠢᠶᠠᠨ ᠤ ᠱᠦᠵᠢ ᠪᠦᠬᠡᠪᠠᠶᠠᠷ ᠰᠣᠶᠣᠯ ᠵᠢᠭᠤᠯᠴᠢᠯᠠᠯ ᠤᠨ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠨᠠᠭᠠᠳᠤᠮ ᠬᠦᠳᠡᠭᠡ ᠲᠣᠰᠬᠤᠨ ᠤ ᠨᠠᠶᠢᠷ᠂ ᠠᠶᠠᠯᠭᠤᠲᠤ ᠵᠢᠭᠤᠯᠴᠢᠯᠠᠯ ᠥᠪᠥᠷ ᠮᠣᠩᠭᠤᠯ᠂ ᠠᠷᠠᠳ ᠤᠨ ᠳᠠᠭᠤᠤ ᠶᠢᠨ ᠴᠤᠭᠯᠠᠭᠠᠨ᠂ ᠮᠠᠯᠵᠢᠬᠤ | ᠡᠷᠦᠬᠡ ᠶᠢᠨ ᠵᠤᠭᠠᠴᠠᠯ ᠵᠡᠷᠭᠡ ᠠᠵᠢᠯ ᠤᠨ ᠪᠡᠯᠡᠳᠬᠡᠯ ᠪᠠᠶᠢᠳᠠᠯ᠂ ᠪᠣᠭᠳᠠᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠣᠷᠳᠣᠨ ᠤ ᠲᠥᠷᠥᠯ ᠵᠦᠢᠯ ᠢ | ᠬᠡᠷᠡᠭᠵᠢᠭᠦᠯᠬᠦ᠂ ᠬᠥᠯᠥᠨ ᠪᠠᠯᠭᠠᠰᠤ ᠶᠢᠨ ᠳᠠᠰᠢᠮᠠᠭ ᠤᠨ ᠷᠠᠰᠢᠶᠠᠨ ᠢ ᠵᠠᠰᠠᠨ ᠰᠢᠨᠡᠳᠬᠡᠬᠦ ᠲᠦᠷᠦᠯ ᠵᠦᠢᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ | ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠭᠤᠷᠪᠠᠳᠤᠭᠠᠷ | ᠬᠤᠭᠤᠴᠠᠭᠠᠨ ᠤ ᠵᠣᠨ ᠤ ᠤᠯᠠᠷᠢᠯ ᠤᠨ ︽ᠨᠠᠭᠠᠳᠤᠮ ᠬᠦᠳᠡᠭᠡ ᠲᠣᠰᠬᠤᠨ ᠤ ᠨᠠᠶᠢᠷ︾᠂ ︽ᠠᠷᠠᠳ ᠤᠨ ᠳᠠᠭᠤᠤ ᠶᠢᠨ ᠴᠤᠭᠯᠠᠭᠠᠨ︾ ᠵᠡᠷᠭᠡ ᠪᠡᠯᠡᠳᠬᠡᠯ ᠠᠵᠢᠯ ᠢ | ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠠᠵᠢᠯᠯᠠᠭ᠎ᠠ ᠶᠢ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠂ ᠮᠠᠨ ᠤ ᠬᠤᠰᠢᠭᠤᠨ ᠤ ᠰᠣᠶᠣᠯ | ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠰᠤᠮᠤ ᠪᠠᠯᠭᠠᠰᠤ | ᠠᠳᠠᠯᠢᠳᠬᠠᠨ ᠰᠤᠷᠤᠯᠴᠠᠬᠤ ᠬᠥᠭᠡᠭᠡᠨ ᠭᠦᠢᠴᠡᠬᠦ ᠳᠠᠪᠠᠵᠤ ᠭᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠭᠠᠵᠠᠷ ᠣᠷᠣᠨ ᠤ ᠣᠨᠴᠠᠯᠢᠭ ᠲᠠᠭᠠᠨ | ᠰᠠᠭᠤᠷᠢᠯᠠᠨ᠂ ᠠᠵᠢᠯᠯᠠᠭᠠᠨ ᠤ ᠬᠡᠯᠪᠡᠷᠢ ᠶᠢᠨ ᠰᠢᠨ᠎ᠡ ᠶᠢ ᠡᠭᠦᠳᠴᠦ᠂ ︽ᠡᠳᠦᠷ ᠪᠣᠯᠭᠠᠨ ᠨᠠᠭᠠᠳᠤᠮ ᠲᠠᠢ ᠪᠠᠶᠢᠬᠤ︾ ᠰᠢᠷᠢᠰ ᠠᠵᠢᠯᠯᠠᠭ᠎ᠠ ᠶᠢ ᠨᠠᠷᠢᠨ ᠨᠢᠮᠪᠠᠶ | ᠲᠥᠯᠥᠪᠯᠡᠨ ᠲᠥᠯᠥᠪᠯᠡᠵᠦ᠂ ᠣᠯᠠᠨ ᠲᠦᠮᠡᠨ ᠤ ᠣᠷᠣᠯᠴᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠶ᠃ ᠰᠣᠳᠣᠨ ᠵᠢᠭᠤᠯᠴᠢᠯᠠᠯ ᠤᠨ ᠵᠠᠮ ᠱᠤᠭᠤᠮ ᠢ ᠨᠢᠭᠡᠳᠦᠯᠲᠡᠶ | ᠲᠥᠯᠥᠪᠵᠢᠭᠦᠯᠵᠦ᠂ ᠬᠢᠯᠢ ᠠᠯᠤᠰᠯᠠᠭᠰᠠᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠢᠳᠡᠪᠬᠢᠲᠡᠶ ᠨᠡᠭᠡᠭᠡᠵᠦ᠂ ᠣᠯᠠᠨ ᠡᠰᠢᠵᠢᠭᠰᠡᠨ ᠵᠢᠭᠤᠯᠴᠢᠯᠠᠯ ᠤᠨ ᠡᠵᠡᠩᠨᠡᠯᠲᠡ ᠶᠢᠨ | ᠬᠡᠯᠪᠡᠷᠢ ᠶᠢ ᠪᠤᠶᠢᠵᠢᠭᠤᠯᠬᠤ ᠬᠡᠷᠡᠭᠲᠡᠶ᠃ ︽ᠭᠡᠷᠲᠦ ᠲᠡᠷᠭᠡ + ᠮᠠᠯᠵᠢᠬᠤ ᠡᠷᠦᠬᠡ ᠶᠢᠨ ᠵᠢᠭᠤᠯᠴᠢᠯᠠᠯ︾᠂ ᠠᠷᠠᠳ ᠤᠨ ᠣᠷᠣᠨ ᠰᠠᠭᠤᠴᠠ ᠶᠢᠨ ᠥᠭᠡᠷᠡᠴᠢᠯᠡᠯᠲᠡ | ᠵᠡᠷᠭᠡ ᠣᠨᠴᠠᠯᠢᠭᠲᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠰᠤᠷᠤᠯᠴᠠᠨ ᠲᠣᠯᠢ ᠪᠣᠯᠭᠠᠵᠤ᠂ ᠤᠨᠴᠠᠯᠢᠬᠳᠤ | ᠢᠳᠡᠭᠡᠨ ᠤᠮᠳᠠᠭᠠᠨ᠂ ᠠᠮᠢ ᠠᠬᠤᠶ ᠶᠢᠨ ᠣᠷᠴᠢᠨ ᠲᠣᠭᠤᠷᠢᠨ ᠤ ᠵᠢᠭᠤᠯᠴᠢᠯᠠᠯ ᠵᠡᠷᠭᠡ ᠲᠥᠷᠥᠯ ᠵᠦᠢᠯ ᠤᠨ ᠣᠯᠠᠨ ᠶᠠᠩᠵᠤ ᠶᠢᠨ ᠦᠢᠯᠡᠳᠬᠦᠨ ᠢ ᠵᠢᠷᠤᠵᠤ | ᠲᠥᠯᠥᠪᠯᠡᠬᠦ ᠬᠡᠷᠡᠭᠲᠡᠶ᠃ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠯᠵᠢᠬᠤ ᠣᠷᠣᠨ ᠤ ᠳᠦᠷᠰᠦ | ᠪᠠᠶᠢᠳᠠᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠴᠡᠪᠡᠷ ᠴᠡᠮᠴᠡᠭᠡᠷ ᠭᠤᠶᠣ ᠰᠠᠶᠢᠬᠠᠨ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ ᠰᠣᠶᠣᠯ | ᠵᠢᠭᠤᠯᠴᠢᠯᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ᠂ ᠪᠣᠭᠳᠠᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠣᠷᠳᠣᠨ ᠨᠢ ᠮᠠᠨ ᠤ ᠬᠤᠰᠢᠭᠤᠨ ᠤ ᠴᠢᠬᠤᠯᠠ ᠰᠣᠶᠣᠯ ᠤᠨ | ᠦᠵᠡᠭᠦᠯᠦᠯᠭᠡ ᠶᠢᠨ ᠴᠣᠩᠬᠤ ᠪᠣᠯᠤᠭᠰᠠᠨ ᠤ ᠬᠤᠪᠢ ᠳᠤ᠂ ᠤᠮᠠᠷᠠᠲᠤ ᠬᠢᠯᠢ ᠶᠢᠨ ᠰᠣᠶᠣᠯ ᠤᠨ ᠣᠨᠴᠠᠯᠢᠭ ᠢ ᠳᠣᠪᠤᠶᠢᠯᠭᠠᠨ᠂ ᠳᠡᠯᠭᠡᠨ ᠦᠵᠡᠭᠦᠯᠬᠦ ᠵᠢᠷᠤᠭ | ᠲᠥᠯᠥᠪᠯᠡᠭᠡ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠪᠣᠳᠠᠰ ᠤᠨ ᠪᠤᠰᠤ ᠰᠣᠶᠣᠯ ᠤᠨ ᠥᠪ ᠤᠨ | ᠲᠥᠷᠥᠯ ᠵᠦᠢᠯ ᠤᠨ ᠰᠢᠰᠲ᠋ᠧᠮᠲᠦ ᠴᠢᠨᠠᠷᠲᠠᠶ ᠰᠢᠭᠰᠢᠨ ᠰᠣᠩᠭᠤᠯᠲᠠ ᠶᠢ ᠴᠢᠬᠤᠯᠠᠴᠢᠯᠠᠵᠤ᠂ ᠠᠷᠠᠳ ᠤᠨ ᠳᠤᠮᠳᠠᠬᠢ ᠰᠣᠶᠣᠯ ᠤᠨ ᠮᠡᠳᠡᠯᠭᠡ ᠶᠢ ᠲᠦᠭᠡᠮᠡᠯᠵᠢᠭᠦᠯᠬᠦ | ᠬᠥᠮᠦᠵᠢᠯ ᠢ ᠴᠢᠩᠭᠠᠳᠬᠠᠵᠤ᠂ ᠣᠯᠠᠨ ᠲᠦᠮᠡᠨ ᠤ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠳᠠᠰᠢᠮᠠᠭ ᠤᠨ ᠷᠠᠰᠢᠶᠠᠨ ᠢ ᠵᠠᠰᠠᠨ | ᠰᠢᠨᠡᠳᠬᠡᠬᠦ ᠢᠨᠵᠧᠨᠧᠷᠢᠩ ᠨᠢ ᠠᠮᠢ ᠠᠬᠤᠶ ᠶᠢ ᠤᠷᠢᠳᠠᠪᠠᠷ ᠪᠣᠳᠣᠯᠬᠢᠯᠠᠬᠤ ᠵᠠᠷᠴᠢᠮ ᠢ ᠪᠠᠷᠢᠮᠲᠠᠯᠠᠵᠤ᠂ ᠠᠶᠠᠨᠳᠠᠭᠠᠨ ᠰᠡᠷᠭᠦᠭᠡᠬᠦ ᠪᠠᠷ ᠭᠤᠤᠯ ᠪᠣᠯᠭᠠᠭᠰᠠᠨ ᠰᠡᠷᠭᠦᠭᠡᠨ | ᠵᠠᠰᠠᠬᠤ ᠠᠷᠭ᠎ᠠ ᠬᠡᠯᠪᠡᠷᠢ ᠶᠢ ᠠᠪᠴᠤ᠂ ᠬᠦᠷᠦᠰᠦ ᠶᠢ ᠪᠦᠷᠬᠦᠭᠦᠯᠬᠦ᠂ ᠡᠪᠡᠰᠦ ᠲᠠᠷᠢᠬᠤ ᠵᠡᠷᠭᠡ ᠠᠵᠢᠯ ᠢ ᠰᠠᠶᠢᠲᠤᠷ ᠬᠢᠵᠦ᠂ ︽ᠷᠠᠰᠢᠶᠠᠨ ᠤ ᠰᠣᠶᠣᠯ + ᠮᠠᠯᠵᠢᠬᠤ | ᠣᠷᠣᠨ ᠢ ᠪᠡᠶᠡᠴᠢᠯᠡᠨ ᠣᠶᠢᠯᠠᠭᠠᠬᠤ︾ ᠣᠨᠴᠠᠯᠢᠭᠲᠤ ᠬᠥᠭᠵᠢᠯᠲᠡ ᠶᠢᠨ ᠵᠠᠭᠪᠤᠷ ᠢ ᠪᠣᠶ ᠪᠣᠯᠭᠠᠵᠤ᠂ ᠳᠠᠰᠢᠮᠠᠭ ᠤᠨ ᠷᠠᠰᠢᠶᠠᠨ ᠢ ᠮᠠᠨ ᠤ ᠬᠤᠰᠢᠭᠤᠨ ᠤ ᠠᠮᠢ | ᠠᠬᠤᠶ ᠶᠢ ᠵᠠᠰᠠᠬᠤ ᠰᠢᠨ᠎ᠡ ᠬᠡᠪ ᠵᠠᠭᠪᠤᠷ ᠪᠠ ᠰᠡᠯᠡᠭᠦᠴᠡᠯ ᠵᠢᠭᠤᠯᠴᠢᠯᠠᠯ ᠤᠨ ᠬᠠᠯᠠᠮᠰᠢᠯ ᠴᠡᠭ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ |