5 ᠰᠠᠷ᠎ᠠ ᠶᠢᠨ 22 ᠤᠨ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 | ᠵᠢᠯ ᠤᠨ ᠤᠢ ᠶᠢ ᠪᠡᠯᠭᠡᠯᠡᠬᠦ ᠵᠢᠴᠢ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠳᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ᠃ | ᠪᠦᠬᠡᠪᠠᠶᠠᠷ᠂ ᠴᠧᠨ ᠯᠦᠩ ᠵᠡᠷᠭᠡ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠠᠷᠠᠳ ᠤᠨ ᠰᠢᠭᠦᠬᠦ ᠬᠤᠷᠢᠶ᠎ᠠ ᠠᠷᠠᠳ ᠤᠨ ᠪᠠᠶᠢᠴᠠᠭᠠᠬᠤ | ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠤᠶᠤᠨ ᠤ ᠬᠥᠮᠥᠷᠭᠡ ᠶᠢᠨ | ᠲᠤᠰᠬᠠᠢ ᠮᠡᠷᠭᠡᠵᠢᠯᠲᠡᠨ᠂ ᠪᠦᠬᠦ ᠤᠯᠤᠰ ᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠣᠨᠴᠠ ᠤᠷᠢᠭᠰᠠᠨ ᠰᠤᠳᠤᠯᠤᠭᠴᠢ ᠬᠠᠰ | ᠤᠷᠢᠯᠭ᠎ᠠ ᠪᠠᠷ ᠬᠤᠷᠠᠯ ᠳᠤ ᠣᠷᠣᠯᠴᠠᠪᠠ᠃ | | | | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭᠠᠨ ᠤ ᠲᠤᠬᠠᠶ ᠵᠢᠭᠠᠪᠤᠷᠢ ᠶᠢ ᠤᠯᠠᠮᠵᠢᠯᠠᠵᠤ᠂ ᠪᠥᠬᠦ | ᠬᠤᠰᠢᠭᠤᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠢ ᠬᠥᠬᠢᠭᠦᠯᠦᠨ ᠱᠠᠩᠨᠠᠪᠠ᠃ | | | | ᠪᠦᠬᠡᠪᠠᠶᠠᠷ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨᠠᠵᠢᠯᠴᠢᠳ᠂ ᠮᠠᠯᠴᠢᠨ | ᠲᠠᠷᠢᠶᠠᠴᠢᠳ᠂ ᠰᠡᠭᠡᠭᠡᠲᠡᠳ ᠵᠢᠴᠢ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠠ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ᠂ | ᠬᠥᠬᠢᠭᠦᠯᠦᠯ ᠭᠥᠷᠳᠡᠭᠰᠡᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠲᠤ ᠬᠠᠯᠠᠭᠤᠨ ᠪᠠᠶᠠᠷ ᠬᠦᠷᠭᠡᠪᠡ᠃ ᠲᠡᠷᠡ᠂ ᠣᠳᠣᠬᠠᠨ ᠳᠤ ᠪᠦᠬᠦ | ᠬᠤᠰᠢᠭᠤ ᠪᠠᠷ ᠢᠶᠠᠨ ᠶᠠᠭ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ᠂ ᠨᠢᠭᠡ ᠭᠤᠣᠯ ᠰᠢᠵᠢᠮ ᠢ ᠲᠤᠤᠱᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠵᠦ᠂ ︽ᠵᠢᠷᠭᠤᠭᠠᠨ ᠠᠵᠢᠯᠯᠠᠭ᠎ᠠ︾ ᠶᠢ | ᠪᠣᠳᠠᠲᠠᠢ ᠠᠳᠬᠤᠨ᠂ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠤᠨ ᠦᠷ᠎ᠡ ᠪᠦᠲᠦᠭᠡᠯ ᠢ ᠪᠦᠬᠦ ᠲᠠᠯ᠎ᠠ ᠪᠠᠷ ᠬᠤᠪᠢᠷᠠᠭᠤᠯᠵᠤ᠂ ᠲᠡᠷᠢᠭᠦᠨ ᠳᠤ ᠣᠷᠣᠬᠤ ᠪᠠᠷ | ᠡᠷᠡᠯᠬᠡᠭᠯᠡᠨ ᠤᠷᠤᠭᠰᠢᠯᠠᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃ ᠪᠦᠬᠦ ᠬᠤᠰᠢᠭᠤ ᠪᠠᠷ ᠢᠶᠠᠨ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ᠂ | ᠵᠠᠭᠤᠨ ᠵᠢᠯ ᠤᠨ ᠠᠵᠢᠯᠴᠢᠨ ᠤ ᠬᠥᠳᠡᠯᠭᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠬᠥᠳᠡᠯᠮᠦᠷᠢ ᠶᠢᠨ ᠵᠢᠱᠢᠶᠡᠴᠢ ᠶᠢᠨ ᠦᠯᠢᠭᠡᠷ ᠢ ᠰᠠᠶᠢᠲᠤᠷ ᠶᠠᠷᠢᠵᠤ᠂ | ᠠᠵᠢᠯᠴᠢᠨ ᠠᠩᠭᠢ ᠪᠠ ᠥᠷᠭᠡᠨ ᠤᠯᠠᠨ ᠬᠥᠳᠡᠯᠮᠦᠷᠢᠴᠢᠨ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ | ᠲᠦᠮᠡᠨ ᠤ ᠰᠢᠷᠭᠠᠭᠤ ᠬᠥᠳᠡᠯᠮᠦᠷᠢ ᠪᠠᠷ ᠢᠶᠠᠨ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | ᠪᠦᠬᠡᠪᠠᠶᠠᠷ ᠪᠦᠬᠦ ᠬᠥᠳᠡᠯᠮᠦᠷᠢᠴᠢᠳ ᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠰᠢᠨ᠎ᠡ ᠨᠢᠭᠡ ᠡᠭᠡᠯᠵᠢ ᠶᠢᠨ ᠠᠵᠤ ᠦᠢᠯᠡᠰ ᠤᠨ | ᠬᠤᠪᠢᠰᠤᠯᠲᠠ ᠶᠢᠨ ᠰᠢᠨ᠎ᠡ ᠬᠠᠨᠳᠤᠰᠢ ᠳᠤ ᠰᠠᠨᠠᠭᠠᠴᠢᠯᠠᠭ᠎ᠠ ᠠᠴᠠ ᠪᠠᠨ ᠵᠣᠬᠢᠴᠠᠨ᠂ ᠪᠦᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠲᠤ ᠢᠳᠡᠪᠬᠢᠲᠡᠢ | ᠣᠷᠣᠯᠴᠠᠵᠤ᠂ ᠴᠠᠭᠠᠷᠠᠭᠰᠠᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠠᠵᠢᠯ ᠬᠢᠵᠦ ᠦᠢᠯᠡᠰ ᠴᠣᠭᠴᠠᠯᠠᠬᠤ ᠴᠢᠳᠠᠪᠤᠷᠢᠲᠠᠨ ᠪᠣᠯᠬᠤ ᠬᠡᠷᠡᠭᠲᠡᠢ ᠭᠡᠵᠦ | ᠵᠣᠷᠢᠭᠵᠢᠭᠤᠯᠪᠠ᠃ ᠡᠭᠦᠨ ᠤ ᠬᠠᠮᠲᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠳᠤᠷᠢᠳᠤᠯᠭ᠎ᠠ ᠪᠠᠨ ᠴᠢᠩᠭᠠᠳᠬᠠᠵᠤ᠂ | ᠠᠵᠢᠯᠴᠢᠨ ᠤ ᠡᠪᠯᠡᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ︔ ᠡᠯ᠎ᠡ ᠰᠠᠯᠠᠭ᠎ᠠ | ᠮᠥᠴᠢᠷ ᠬᠥᠳᠡᠯᠮᠦᠷᠢ ᠶᠢᠨ ᠵᠢᠱᠢᠶᠡᠴᠢ ᠶᠢ ᠬᠦᠨᠳᠦᠳᠬᠡᠨ ᠬᠠᠶᠢᠷᠠᠯᠠᠵᠤ᠂ ᠤᠯᠤᠰ ᠲᠥᠷᠥ ᠶᠢᠨ ᠤᠷᠮᠠᠰᠢᠭᠤᠯᠤᠯ᠂ ᠠᠵᠢᠯ ᠤᠨ ᠳᠡᠮᠵᠢᠯᠭᠡ᠂ ᠠᠮᠢᠳᠤᠷᠠᠯ ᠤᠨ | ᠪᠠᠲᠤᠯᠠᠭ᠎ᠠ ᠪᠠ ᠪᠡᠶ᠎ᠡ ᠰᠡᠳᠬᠢᠯ ᠤᠨ ᠬᠠᠯᠠᠮᠵᠢᠯᠠᠯ ᠢ ᠪᠡᠶᠡᠯᠡᠭᠦᠯᠬᠦ ᠬᠡᠷᠡᠭᠲᠡᠶ︔ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠵᠢᠯᠳᠠᠨ | ᠠᠵᠢᠯᠴᠢᠳ ᠤᠨ ᠡᠷᠬᠡ ᠠᠰᠢᠭ ᠢ ᠦᠨᠡᠨᠬᠦ ᠬᠠᠮᠠᠭᠠᠯᠠᠵᠤ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠠᠵᠢᠯᠳᠠᠨ ᠠᠵᠢᠯᠴᠢᠨ ᠣᠯᠠᠨ ᠲᠦᠮᠡᠨ ᠤ | ᠰᠡᠳᠬᠢᠯ ᠳᠤ ᠦᠨᠡᠨᠬᠦ ᠬᠦᠷᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠠᠭᠤᠳᠠᠰᠤ ᠶᠢ | ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ ᠬᠤᠰᠢᠭᠤᠨ ᠤ ᠲᠠᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠤ ᠲᠥᠯᠥᠭᠡᠯᠡᠭᠴᠢ ᠶᠠᠷᠢᠶ᠎ᠠ ᠲᠠᠯᠪᠢᠵᠤ᠂ ︽ᠪᠥᠬᠦ | ᠬᠤᠰᠢᠭᠤᠨ ᠤ ᠦᠨᠳᠦᠰᠦᠲᠡᠨ ᠨᠦᠭᠦᠳ ᠤᠨ ᠬᠥᠳᠡᠯᠮᠦᠷᠢᠴᠢᠳ ᠲᠤ ᠥᠭᠭᠦᠭᠰᠡᠨ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠪᠡ᠃ | | |