ᠬᠠᠷᠰᠢᠭᠴᠢ ᠶᠢ ᠡᠷᠬᠡᠪᠰᠢ ᠪᠠᠶᠢᠴᠠᠭᠠᠬᠤ ᠴᠢᠬᠤᠯᠠᠳᠠᠢ ᠤᠤ︖
ᠨᠡᠶᠢᠲᠡᠯᠡᠭᠰᠡᠨ ᠴᠠᠭ᠄
2025/5/26
      ᠤᠶᠢᠷ᠎ᠠ ᠶᠢᠨ ᠵᠢᠯ ᠠᠴᠠ ᠬᠠᠷᠰᠢᠬᠤ ᠢᠯᠡᠷᠡᠯ ᠲᠠᠢ ᠬᠦᠮᠦᠰ ᠤᠯᠠᠰᠢᠷᠠᠵᠤ ᠪᠠᠶᠢᠬᠤ ᠬᠠᠨᠳᠤᠰᠢ ᠲᠠᠢ᠃ ᠲᠡᠭᠡᠪᠡᠯ ᠬᠠᠷᠰᠢᠭᠴᠢ ︵ᠶᠠᠭᠤᠨ ᠳᠤ ᠬᠠᠷᠰᠢᠵᠤ ᠪᠠᠶᠢᠬᠤ ︶ ᠶᠢ ᠡᠷᠬᠡᠪᠰᠢ ᠪᠠᠶᠢᠴᠠᠭᠠᠬᠤ ᠴᠢᠬᠤᠯᠠᠳᠠᠢ ᠤᠤ︖       ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠶᠢᠨ ᠬᠤᠪᠢᠰᠤᠯᠳᠤ ︵ᠬᠠᠷᠰᠢᠬᠤ︶ ᠤᠷᠪᠠᠯ ᠤᠨ ᠰᠠᠯᠠᠭ᠎ᠠ ᠶᠢᠨ ᠡᠷᠬᠢᠯᠡᠭᠴᠢ ᠡᠮᠴᠢ ᠭᠤᠸᠠᠨ ᠺᠠᠢ ᠶᠢᠨ ᠲᠠᠨᠢᠯᠴᠠᠭᠤᠯᠤᠭᠰᠠᠨ ᠢᠶᠠᠷ᠂ ᠬᠡᠷᠪᠡ ᠬᠠᠷᠰᠢᠬᠤ ᠢᠯᠡᠷᠡᠯ ᠨᠢ ᠬᠦᠩᠭᠡᠨ ᠪᠦᠭᠡᠳ ᠲᠦᠷ ᠵᠠᠭᠤᠷ᠎ᠠ ᠶᠢᠨ ᠪᠤᠯ ᠨᠡᠭᠡᠳᠡᠰᠤᠨ ᠤ ᠠᠮᠢᠨ ᠢ ᠡᠰᠡᠷᠭᠦᠴᠡᠭᠦ ᠲᠦᠷᠦᠯ ᠤᠨ ᠡᠮ ᠢ ᠬᠡᠷᠡᠭᠯᠡᠵᠤ ᠬᠠᠷᠰᠢᠬᠤ ᠢᠯᠡᠷᠡᠯ ᠢ ᠬᠦᠩᠭᠡᠷᠡᠭᠦᠯᠴᠢᠬᠡᠪᠡᠯ ᠪᠤᠯᠴᠢᠬᠠᠨ᠎ᠠ ︵ᠠᠩᠬᠠᠷᠬᠤ ᠨᠢ᠂ ᠡᠨᠡ ᠲᠦᠷᠦᠯ ᠤᠨ ᠡᠮ ᠨᠢ ᠠᠳᠠᠯᠢ ᠪᠤᠰᠤ ᠭᠠᠵᠢᠭᠤ ᠨᠦᠯᠦᠭᠡ ᠪᠠ ᠴᠡᠭᠡᠷ ᠪᠠᠶᠢᠬᠤ ᠲᠤᠯᠠ ᠡᠷᠬᠡᠪᠰᠢ ᠡᠮᠴᠢ ᠶᠢᠨ ᠵᠢᠯᠤᠭᠤᠳᠤᠯᠭ᠎ᠠ ᠪᠠᠷ ᠬᠡᠷᠡᠭᠯᠡᠬᠦ ᠬᠡᠷᠡᠭᠳᠠᠢ︶᠃ ᠬᠡᠷᠪᠡ ᠳᠠᠬᠢᠨ ᠳᠠᠪᠳᠠᠨ ᠬᠠᠷᠰᠢᠬᠤ ᠢᠯᠡᠷᠡᠯ ᠭᠠᠷᠬᠤ ᠪᠤᠶᠤ ᠦᠷᠭᠦᠯᠵᠢᠯᠡᠭᠰᠡᠨ ᠴᠢᠨᠠᠷᠳᠠᠢ ᠬᠠᠷᠰᠢᠬᠤ ᠢᠯᠡᠷᠡᠯ ᠭᠠᠷᠴᠤ᠂ ᠢᠯᠠᠩᠭᠤᠶ᠎ᠠ ᠠᠮᠢᠳᠤᠷᠠᠯ ᠳᠤ ᠬᠦᠨᠳᠤ ᠨᠤᠴᠢᠳᠠᠢ ᠨᠦᠯᠦᠭᠡ ᠪᠤᠯᠤᠭᠰᠠᠨ᠂ ᠵᠢᠱᠢᠶᠡᠯᠡᠪᠡᠯ ᠬᠠᠮᠠᠷ ᠪᠢᠳᠡᠭᠦᠷᠡᠵᠤ ᠤᠨᠳᠠᠵᠤ ᠠᠮᠠᠷᠠᠬᠤ ᠶᠢ ᠨᠦᠯᠦᠭᠡᠯᠡᠭᠰᠡᠨ᠂ ᠰᠦᠨᠢ ᠪᠠᠷ ᠬᠠᠨᠢᠶᠠᠯᠭᠠᠬᠤ᠂ ᠲᠡᠭᠦᠨᠴᠢᠯᠡᠨ ᠬᠠᠨᠢᠶᠠᠯᠭᠠᠬᠤ ᠠᠴᠠ ᠪᠤᠯᠵᠤ ᠠᠮᠢᠰᠬᠤᠯ ᠳᠠᠪᠬᠤᠴᠠᠵᠤ ᠬᠡᠪ ᠤᠨ ᠠᠵᠢᠯᠯᠠᠭ᠎ᠠ ᠶᠢ ᠨᠦᠯᠦᠭᠡᠯᠡᠭᠰᠡᠨ ᠪᠠᠶᠢᠪᠠᠯ᠂ ᠠᠯᠢ ᠲᠦᠷᠭᠡᠨ ᠡᠮᠨᠡᠯᠭᠡ ᠶᠢᠨ ᠬᠤᠷᠢᠶ᠎ᠠ ᠳᠤ ᠬᠦᠷᠴᠤ᠂ ᠬᠠᠷᠰᠢᠬᠤ ᠢᠯᠡᠷᠡᠯ ᠢᠶᠠᠨ ᠨᠠᠮᠳᠠᠭᠠᠬᠤ ᠶᠢᠨ ᠬᠠᠮᠳᠤ ᠰᠢᠯᠳᠠᠭᠠᠨ ᠢ ᠨᠢ ᠤᠯᠬᠤ ᠬᠡᠷᠡᠭᠳᠠᠢ᠃ ᠳᠠᠷᠤᠢ ᠬᠠᠷᠰᠢᠭᠰᠠᠨ ᠡᠰᠡᠬᠦ ᠶᠢ ᠪᠠᠶᠢᠴᠠᠭᠠᠬᠤ ᠬᠡᠷᠡᠭᠳᠠᠢ᠃       ᠡᠮᠴᠢᠯᠡᠭᠡᠨ ᠤ ᠳᠤᠮᠳᠠ ᠬᠠᠷᠰᠢᠭᠴᠢ ᠶᠢ ᠪᠠᠶᠢᠴᠠᠭᠠᠬᠤ ᠳᠤ ᠶᠡᠷᠦᠳᠡᠭᠡᠨ ᠬᠤᠶᠠᠷ ᠵᠦᠢᠯ ᠤᠨ ᠠᠷᠭ᠎ᠠ ᠪᠠᠶᠢᠨ᠎ᠠ᠃ ᠨᠢᠭᠡ ᠵᠦᠢᠯ ᠨᠢ ᠴᠠᠷᠪᠠᠭᠤ ᠶᠢᠨ ᠬᠡᠰᠡᠭ ᠢᠶᠠᠷ ᠬᠠᠷᠰᠢᠮᠠᠳᠠᠭᠠᠢ ᠲᠤᠷᠰᠢᠯᠳᠠ ᠬᠢᠨ᠎ᠠ᠃ ᠵᠠᠷᠢᠮ ᠬᠦᠮᠦᠨ ᠬᠠᠷᠰᠢᠮᠠᠳᠠᠭᠠᠢ ᠶᠢ ᠡᠰᠡᠷᠭᠦᠴᠡᠬᠦ ᠡᠮ ᠢᠶᠠᠨ ᠵᠤᠭᠰᠤᠭᠠᠵᠤ ᠳᠡᠶᠢᠯᠬᠦ ᠦᠭᠡᠢ ᠲᠤᠯᠠ ᠪᠠᠶᠢᠴᠠᠭᠠᠯᠳᠠ ᠶᠢᠨ ᠦᠷ᠎ᠠ ᠳ᠋ᠦᠩ ᠢ ᠨᠦᠯᠦᠭᠡᠯᠡᠬᠦ᠂ ᠪᠠᠰᠠ ᠵᠠᠷᠢᠮ ᠬᠦᠮᠦᠨ ᠤ ᠠᠷᠠᠰᠤᠨ ᠳᠤ ᠠᠷᠬᠠᠭ ᠴᠢᠨᠠᠷᠳᠠᠢ ᠡᠰᠡᠷᠭᠡᠨ᠎ᠠ ᠲᠠᠢ ᠪᠠᠶᠢᠵᠤ ᠬᠠᠷᠰᠢᠮᠠᠳᠠᠭᠠᠢ ᠲᠤᠷᠰᠢᠯᠳᠠ ᠬᠢᠬᠦ ᠭᠠᠵᠠᠷ ᠦᠭᠡᠢ ᠪᠠᠶᠢᠬᠤ᠂ ᠡᠰᠡᠭᠦᠯ᠎ᠠ ᠵᠠᠷᠢᠮ ᠨᠠᠰᠤᠳᠠᠢ ᠬᠦᠮᠦᠨ ᠤ ᠠᠷᠠᠰᠤ ᠨᠢ ᠰᠤᠯᠠᠷᠠᠭᠠᠳ ᠠᠷᠠᠰᠤᠨ ᠲᠤᠳᠤᠷᠠᠬᠢ ᠬᠠᠷᠰᠢᠮᠠᠳᠠᠭᠠᠢ ᠲᠤᠷᠰᠢᠯᠳᠠ ᠶᠢ ᠬᠢᠵᠦ ᠳᠡᠶᠢᠯᠬᠦ ᠦᠭᠡᠢ ᠪᠤᠯ ᠴᠢᠰᠤ ᠠᠪᠴᠤ ᠬᠠᠷᠰᠢᠭᠴᠢ ᠶᠢ ᠨᠢ ᠪᠠᠶᠢᠴᠠᠭᠠᠬᠤ ᠠᠷᠭ᠎ᠠ ᠶᠢ ᠠᠪᠤᠨ᠎ᠠ᠃       ᠲᠡᠭᠡᠪᠡᠯ ᠬᠠᠷᠰᠢᠭᠴᠢ ᠪᠠᠨ ᠨᠢᠭᠡ ᠯᠡ ᠤᠳᠠᠭ᠎ᠠ ᠪᠠᠶᠢᠴᠠᠭᠠᠪᠠᠯ ᠪᠤᠯᠴᠢᠬᠠᠨ᠎ᠠ ᠤᠤ︖ ᠭᠤᠸᠠᠨ ᠺᠠᠢ ᠡᠮᠴᠢ ᠶᠢᠨ ᠬᠡᠯᠡᠬᠦ ᠪᠠᠷ᠂ ᠬᠠᠷᠰᠢᠮᠠᠳᠠᠭᠠᠢ ᠪᠠᠶᠢᠳᠠᠯ ᠨᠢ ᠬᠦᠮᠦᠨ ᠢ ᠨᠢᠭᠡ ᠨᠠᠰᠤ ᠪᠠᠷ ᠢᠶᠠᠨ ᠳᠠᠭᠠᠵᠤ ᠮᠡᠳᠡᠨ᠎ᠠ᠂ ᠭᠡᠪᠡᠴᠤ ᠶᠠᠭᠤᠨ ᠳᠤ ᠬᠠᠷᠰᠢᠬᠤ ᠨᠢ ᠠᠮᠢᠳᠤᠷᠠᠯ ᠤᠨ ᠤᠷᠴᠢᠨ ᠨᠦᠬᠦᠴᠡᠯ ᠤᠨ ᠬᠤᠪᠢᠷᠠᠯᠳᠠ ᠶᠢ ᠳᠠᠭᠠᠯᠳᠤᠨ ᠬᠤᠪᠢᠷᠠᠳᠠᠭ ᠲᠤᠯᠠ ᠪᠠᠶᠢᠴᠠᠭᠠᠯᠳᠠ ᠶᠢ ᠳᠤᠭᠳᠠᠮᠠᠯ ᠬᠤᠭᠤᠴᠠᠭᠠᠨ ᠳᠤ ᠬᠢᠪᠡᠯ ᠵᠤᠬᠢᠨ᠎ᠠ᠃ ᠬᠡᠤᠬᠡᠳ ᠪᠤᠯ ᠬᠠᠭᠠᠰ ᠵᠢᠯ ᠠᠴᠠ ᠨᠢᠭᠡ ᠵᠢᠯ ᠤᠨ ᠬᠤᠭᠤᠷᠤᠨᠳᠤ ᠨᠢᠭᠡ ᠤᠳᠠᠭ᠎ᠠ ᠪᠠᠶᠢᠴᠠᠭᠠᠵᠤ᠂ ᠲᠤᠮᠤ ᠬᠦᠮᠦᠨ ᠪᠤᠯ ᠨᠢᠭᠡ ᠠᠴᠠ ᠬᠤᠶᠠᠷ ᠵᠢᠯ ᠤᠨ ᠲᠤᠳᠤᠷ᠎ᠠ ᠬᠠᠷᠰᠢᠬᠤ ᠵᠦᠢᠯ ᠢᠶᠠᠨ ᠳᠠᠬᠢᠨ ᠪᠠᠶᠢᠴᠠᠭᠠᠬᠤ ᠶᠤᠰᠤᠳᠠᠢ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ