ᠬᠦᠪᠳᠦᠷᠤᠤ ᠲᠠᠢ ᠡᠪᠡᠳᠴᠢᠳᠠᠳ ᠢᠳᠡᠬᠡᠨ ᠤᠮᠳᠠᠭᠠᠨ ᠢᠶᠠᠨ ᠨᠡᠩ ᠢᠯᠡᠬᠦᠦ ᠠᠩᠬᠠᠷᠬᠤ ᠴᠢᠬᠤᠯᠠᠳᠠᠢ
ᠨᠡᠶᠢᠲᠡᠯᠡᠭᠰᠡᠨ ᠴᠠᠭ᠄
2025/5/26
      ᠬᠦᠪᠳᠦᠷᠤᠤ ᠲᠠᠢ ᠡᠪᠡᠳᠴᠢᠳᠠᠳ ᠤᠭᠤᠷᠠᠭ᠂ ᠸᠢᠲ᠋ᠠᠮᠢᠨ B12᠂ ᠲᠡᠮᠦᠷ ᠨᠥᠬᠦᠬᠦ ᠭᠡᠷᠡᠭᠳᠡᠢ᠃ ᠵᠠᠷᠢᠮ ᠢᠳᠡᠭᠡᠨ ᠤᠮᠳᠠᠭᠠᠨ ᠨᠢ ᠬᠦᠪᠳᠦᠷᠤᠤ ᠡᠪᠡᠳᠴᠢᠨ ᠤᠯᠬᠤ ︽ᠲᠦᠷᠭᠡᠳᠭᠡᠭᠦᠷ︾ ᠪᠠᠶᠢᠵᠤ ᠮᠡᠳᠡᠨ᠎ᠡ᠂ ᠡᠶᠢᠮᠤ ᠪᠠᠷ ᠢᠶᠠᠨ ᠳᠤᠤᠷᠡᠬᠢ ᠭᠤᠷᠪᠠᠨ ᠲᠥᠷᠥᠯ ᠤᠨ ᠬᠦᠮᠦᠰ ᠢᠳᠡᠵᠦ ᠤᠣᠭᠤᠬᠤ ᠪᠠᠨ ᠰᠠᠶᠢᠳᠤᠷ ᠬᠢᠴᠢᠶᠡᠬᠡᠷᠡᠢ᠃ ᠡᠳᠦᠷ ᠳᠤᠲᠤᠮ ᠤᠨ ᠠᠮᠢᠳᠤᠷᠠᠯ ᠳᠤᠮᠳᠠ ᠡᠳᠡᠭᠡᠷ ᠢᠳᠡᠭᠡᠨ ᠤᠮᠳᠠᠭᠠᠨ ᠢ ᠢᠳᠡᠪᠡᠯ ᠬᠦᠪᠳᠦᠷᠤᠤ ᠡᠪᠡᠳᠴᠢᠨ ᠤᠯᠬᠤ ᠶᠢᠨ ︽ᠲᠦᠷᠭᠡᠳᠭᠡᠭᠦᠷ︾ ᠪᠤᠯᠵᠤ ᠮᠡᠳᠡᠬᠦ ᠳᠤᠯᠠ ᠬᠢᠴᠢᠶᠡᠬᠦ ᠬᠡᠷᠡᠭᠲᠡᠢ᠃       ᠨᠢᠭᠡ᠂ ᠠᠭᠤᠰᠭᠢᠨ ᠬᠦᠪᠳᠦᠷᠤᠦ ᠲᠠᠢ ᠬᠦᠮᠦᠰ ᠭᠤᠷᠪᠠᠨ ᠲᠥᠷᠥᠯ ᠤᠨ ᠬᠤᠭᠤᠯᠠ ᠶᠢ ᠳᠤᠲᠠᠭᠤ ᠢᠳᠡᠪᠡᠯ ᠵᠤᠬᠢᠨ᠎ᠠ᠄       1. ᠰᠡᠳᠡᠯᠲᠡ ᠶᠢᠨ ᠴᠢᠨᠠᠷᠲᠠᠢ ᠢᠳᠡᠭᠡᠨ᠄ ᠯᠠᠵᠤᠤ᠂ ᠨᠠᠷᠢᠨ ᠤᠯᠠᠭᠠᠨ ᠯᠠᠵᠤᠤ᠂ ᠰᠢᠷᠠᠬᠰᠠᠨ ᠲᠠᠬᠢᠶ᠎ᠠ᠂ ᠲᠣᠰᠣᠯᠢᠭ ᠪᠣᠣᠪᠤ ᠵᠡᠷᠭᠡ᠃       2. ᠳᠠᠪᠤᠰᠤ ᠶᠡᠬᠡᠲᠠᠢ ᠢᠳᠡᠭᠡᠨ᠄ ᠲᠠᠪᠤᠰᠤᠳᠠᠢ ᠨᠤᠭᠤᠭ᠎ᠠ᠂ ᠳᠠᠪᠤᠰᠤᠯᠠᠭᠰᠠᠨ ᠮᠢᠬ᠎ᠠ᠂ ᠳᠠᠪᠤᠰᠤᠯᠠᠭᠰᠠᠨ ᠨᠤᠭᠤᠰᠤᠨ ᠥᠨᠳᠡᠭᠡ ᠵᠡᠷᠭᠡ᠃       3. ᠰᠡᠳᠡᠯᠲᠡ ᠶᠢᠨ ᠴᠢᠨᠠᠷᠲᠠᠢ ᠤᠮᠳᠠᠭᠠᠨ᠄ ᠺᠣᠹᠧ ᠪᠠ ᠰᠡᠳᠡᠯᠲᠡ ᠶᠢᠨ ᠴᠢᠨᠠᠷᠲᠠᠢ ᠤᠮᠳᠠᠭᠠᠨ᠂ ᠵᠢᠱᠢᠶᠡᠯᠡᠪᠡᠯ ᠥᠳᠬᠡᠨ ᠴᠠᠢ ᠵᠡᠷᠭᠡ᠃       ᠬᠤᠶᠠᠷ᠂ ᠪᠠᠮᠪᠠᠢ ᠪᠤᠯᠴᠢᠷᠬᠠᠢ ᠶᠢᠨ ᠬᠦᠪᠳᠦᠷᠤᠦ ᠲᠠᠢ ᠬᠦᠮᠦᠰ ᠵᠤᠳ᠋ᠳᠦ ᠢᠳᠡᠭᠡᠨ ᠢᠳᠡᠬᠦ ᠬᠡᠮᠵᠢᠶ᠎ᠡ ᠪᠠᠨ ᠲᠡᠩᠴᠡᠬᠦᠷᠢᠲᠡᠢ ᠪᠠᠶᠢᠯᠭᠠᠭᠠᠷᠠᠢ᠃ ᠵᠢᠱᠢᠶᠡᠯᠡᠪᠡᠯ᠄ ᠤᠯᠠᠭᠠᠨ ᠨᠣᠭᠤᠭ᠎ᠠ᠂ ᠬᠠᠶᠢᠳᠠᠢ ᠵᠡᠷᠭᠡ ᠳᠠᠯᠠᠢ ᠶᠢᠨ ᠨᠤᠭᠤᠭ᠎ᠠ ᠪᠣᠯᠤᠨ ᠢᠤᠳ᠋ ᠲᠠᠢ ᠳᠠᠪᠤᠰᠤ ᠶᠢ ᠵᠤᠬᠢᠬᠤ ᠬᠡᠮᠵᠢᠶ᠎ᠡ ᠪᠠᠷ ᠢᠳᠡᠪᠡᠯ ᠰᠠᠶᠢᠨ᠃ ᠢᠤᠳ᠋ ᠦᠭᠡᠢ ᠳᠠᠪᠤᠰᠤ ᠢᠳᠡᠵᠦ᠂ ᠢᠤᠳ᠋ ᠪᠠᠭ᠎ᠠ ᠢᠳᠡᠭᠡᠨ ᠤᠮᠳᠠᠭᠠᠨ᠂ ᠠᠷᠢᠬᠢ ᠲᠠᠮᠠᠬᠢ᠂ ᠺᠣᠹᠧ᠂ ᠥᠳᠬᠡᠨ ᠴᠠᠢ ᠵᠡᠷᠭᠡ ᠰᠡᠲᠡᠯᠲᠡ ᠶᠢᠨ ᠴᠢᠨᠠᠷᠲᠠᠢ ᠢᠳᠡᠭᠡᠨ ᠤᠮᠳᠠᠭᠠᠨ ᠢ ᠴᠡᠭᠡᠷᠯᠡᠬᠦ ᠶᠢ ᠰᠠᠨᠠᠭᠤᠯᠤᠶ᠎ᠠ᠃ ᠬᠡᠷᠪᠡ ᠪᠠᠮᠪᠠᠢ ᠪᠤᠯᠴᠢᠷᠬᠠᠢ ᠶᠢᠨ ᠬᠦᠪᠳᠦᠷᠤᠦ ᠶᠢᠨ ᠡᠪᠡᠳᠴᠢᠨ ᠲᠠᠢ ᠪᠤᠯ ᠰᠢᠷ᠎ᠠ ᠯᠤᠤᠪᠠᠩ᠂ ᠣᠷᠢᠶᠠᠮᠠᠯ ᠨᠣᠭᠤᠭ᠎ᠠ ᠳᠤᠲᠠᠭᠤ ᠢᠳᠡᠬᠦ ᠭᠡᠷᠡᠭᠳᠡᠢ᠂ ᠡᠳᠡᠭᠡᠷ ᠵᠳᠡᠬᠡᠨ ᠨᠢ ᠶᠡᠭᠡ ᠪᠤᠶᠤ ᠪᠠᠭ᠎ᠠ ᠬᠡᠮᠵᠢᠶ᠎ᠡ ᠪᠠᠷ ᠪᠠᠮᠪᠠᠢ ᠪᠤᠯᠴᠢᠷᠬᠠᠢ ᠶᠢᠨ ᠬᠦᠪᠳᠦᠷᠤᠦ ᠶᠢ ᠨᠥᠯᠥᠭᠡᠯᠡᠳᠡᠭ ᠶᠤᠮ᠃       ᠭᠤᠷᠪᠠ᠂ ᠬᠥᠬᠦᠨ ᠤ ᠪᠤᠯᠴᠢᠷᠬᠠᠢ ᠶᠢᠨ ᠬᠦᠪᠳᠦᠷᠤᠦ ᠲᠠᠢ ᠬᠦᠮᠦᠰ ᠠᠮᠢᠲᠠᠨ ᠤ ᠤᠭᠤᠷᠠᠭ ᠢᠳᠡᠬᠦ ᠬᠡᠮᠵᠢᠶ᠎ᠡ ᠪᠠᠨ ᠬᠢᠵᠠᠭᠠᠷᠯᠠᠬᠤ ᠬᠡᠷᠡᠭᠳᠡᠢ᠂ ᠠᠮᠢᠲᠠᠨ ᠤ ᠤᠭᠤᠷᠠᠭ ᠢᠳᠡᠬᠦ ᠬᠡᠮᠵᠢᠶ᠎ᠡ ᠪᠠᠨ ᠬᠢᠵᠠᠭᠠᠷᠯᠠᠬᠤ ᠨᠢ ᠡᠮ᠎ᠡ ᠬᠤᠷᠮᠣᠨ ᠬᠡᠲᠦ ᠶᠡᠭᠡ ᠪᠤᠢ ᠪᠣᠯᠬᠤ ᠠᠴᠠ ᠰᠡᠷᠭᠡᠶᠢᠯᠡᠵᠦ ᠲᠠᠶᠢᠯᠤᠨ᠎ᠠ᠂ ᠲᠠᠷᠠᠴᠢᠯᠠᠨ ᠬᠥᠬᠦᠨ ᠤ ᠪᠤᠯᠴᠢᠷᠬᠠᠢ ᠶᠢᠨ ᠬᠤᠣᠷᠲᠤ ᠡᠳ᠋ ᠡᠭᠦᠰᠬᠦ ᠶᠢ ᠬᠢᠴᠢᠶᠡᠬᠦ ᠬᠡᠷᠡᠭᠳᠡᠢ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ