ᠠᠵᠢᠯᠯᠠᠵᠤ ᠠᠮᠠᠷᠠᠬᠤ ᠶᠢ ᠤᠶᠠᠯᠳᠤᠭᠤᠯᠵᠤ᠂ ᠡᠳᠤᠷ ᠪᠦᠷᠢ 7 ᠊᠊᠊ 8 ᠴᠠᠭ ᠤᠨ ᠨᠦᠢᠷ ᠢ ᠪᠠᠳᠤᠯᠠᠪᠡᠯ ᠵᠤᠬᠢᠨ᠎ᠠ᠃ ᠢᠳᠡᠬᠦ᠂ ᠰᠤᠷᠤᠯᠴᠠᠬᠤ᠂ ᠠᠵᠢᠯᠯᠠᠬᠤ᠂ | ᠪᠤᠯᠪᠠᠰᠤᠷᠠᠬᠤ᠂ ᠨᠠᠶᠢᠷᠠᠯᠳᠤᠬᠤ᠂ ᠤᠨᠳᠠᠬᠤ ᠵᠡᠷᠬᠡ ᠬᠦᠮᠤᠨ ᠤ ᠠᠯᠢᠪᠠ ᠠᠵᠢᠯᠯᠠᠭ᠎ᠠ ᠨᠢ ᠪᠦᠷ ᠶᠡᠭᠡ ᠲᠡᠷᠢᠬᠢᠨ ᠤ ᠵᠠᠬᠢᠷᠤᠯᠭ᠎ᠠ ᠳᠤᠤᠷ᠎ᠠ ᠪᠡᠶᠡᠯᠡᠭᠳᠡᠳᠡᠭ ᠶᠤᠮ᠃ ᠤᠳᠠᠭ᠎ᠠ | ᠪᠦᠷᠢ ᠶᠢᠨ ᠠᠵᠢᠯᠯᠠᠭ᠎ᠠ ᠨᠢ ᠪᠦᠷ ᠶᠡᠭᠡ ᠲᠡᠷᠢᠬᠢᠨ ᠤ ᠰᠠᠭᠤᠭᠳᠠᠯ ᠦᠯᠡᠳᠡᠬᠡᠳᠡᠭ ᠪᠦᠬᠡᠳ ᠤᠳᠠᠭᠠᠨ ᠳᠠᠭᠠᠨ ᠵᠤᠬᠢᠬᠤ ᠠᠮᠢᠳᠤᠷᠠᠯ ᠤᠨ ᠵᠢᠮ᠎ᠠ ᠶᠤᠰᠤ ᠪᠤᠯᠤᠨ | ᠪᠦᠷᠢᠯᠳᠤᠨ᠎ᠠ᠃ ᠡᠨᠡ ᠬᠦ ᠵᠢᠮ᠎ᠠ ᠶᠤᠰᠤ ᠶᠢ ᠵᠦᠷᠢᠴᠠᠪᠠᠯ᠂ ᠶᠡᠭᠡ ᠲᠡᠷᠢᠬᠢ ᠪᠤᠯᠤᠨ ᠪᠠᠶ᠎ᠠ ᠮᠠᠬᠠᠪᠤᠳ ᠤᠨ ᠪᠤᠰᠤᠳ ᠡᠷᠬᠡᠳᠡᠨ ᠲᠠᠷᠤᠢ ᠪᠠᠴᠢᠮ ᠪᠠᠶᠢᠳᠠᠯ ᠳᠤ ᠤᠷᠤᠳᠠᠭ᠃ | ᠡᠶᠢᠮᠤᠷᠬᠦᠤ ᠪᠠᠴᠢᠮ ᠪᠠᠶᠢᠳᠠᠯ ᠨᠢ ᠡᠪᠡᠳᠴᠢᠨ ᠡᠮᠬᠡᠭ ᠡᠬᠦᠰᠬᠡᠬᠦ ᠪᠠ ᠦᠳᠡᠯᠬᠦ ᠶᠢ ᠬᠤᠷᠳᠤᠳᠬᠠᠬᠤ ᠴᠢᠬᠤᠯᠠ ᠰᠢᠯᠳᠠᠭᠠᠨ ᠤ ᠨᠢᠬᠡ ᠪᠤᠯᠤᠨ᠎ᠠ᠃ | ︵1︶ ᠰᠤᠷᠤᠯᠴᠠᠵᠤ ᠠᠵᠢᠯᠯᠠᠬᠤ ᠰᠠᠶᠢᠨ ᠲᠠᠳᠬᠠᠯ ᠢ ᠪᠤᠢ ᠪᠤᠯᠭᠠᠬᠤ ᠬᠡᠷᠡᠭᠳᠡᠢ᠃ ᠶᠡᠭᠡ ᠲᠡᠷᠢᠬᠢ᠂ ᠪᠤᠯᠴᠢᠩ ᠨᠢ ᠨᠢᠬᠡ ᠦᠶ᠎ᠠ ᠠᠵᠢᠯᠯᠠᠪᠠᠯ ᠶᠠᠳᠠᠷᠠᠨ᠎ᠠ᠂ | ᠲᠡᠬᠡᠪᠡᠯ ᠰᠤᠷᠤᠯᠴᠠᠬᠤ᠂ ᠠᠵᠢᠯᠯᠠᠬᠤ ᠦᠷ᠎ᠠ ᠪᠦᠳᠤᠮᠵᠢ ᠨᠢ ᠪᠠᠭᠤᠷᠠᠳᠠᠭ︔ ᠪᠤᠯᠴᠢᠩ ᠶᠠᠳᠠᠷᠠᠪᠠᠯ ᠠᠮᠠᠷᠬᠠᠨ ᠠᠳᠡᠯ ᠪᠤᠶᠤ ᠠᠯᠳᠠᠭ᠎ᠠ ᠭᠠᠷᠭᠠᠬᠤ ᠪᠤᠯᠤᠨ᠎ᠠ᠃ | ᠠᠵᠢᠯᠯᠠᠬᠤ ᠠᠮᠠᠷᠠᠬᠤ ᠶᠢ ᠤᠶᠠᠯᠳᠤᠭᠤᠯᠬᠤ ᠪᠠᠨ ᠠᠩᠬᠠᠷᠴᠤ᠂ ᠠᠶᠢᠵᠠᠮ ᠢ ᠨᠢ ᠵᠤᠬᠢᠴᠠᠭᠤᠯᠬᠤ ᠪᠤᠯ ᠡᠷᠡᠬᠦᠯ ᠮᠠᠨᠳᠤ ᠶᠢᠨ ᠱᠠᠭᠠᠷᠳᠠᠯᠭ᠎ᠠ ᠪᠤᠯᠬᠤ ᠪᠠᠷ ᠪᠠᠷᠠᠬᠤ ᠦᠬᠡᠢ᠂ | ᠮᠦᠨ ᠴᠤ ᠠᠵᠢᠯ ᠰᠤᠷᠤᠯᠴᠠᠯᠭ᠎ᠠ ᠶᠢᠨ ᠦᠷ᠎ᠠ ᠪᠦᠳᠤᠮᠵᠢ ᠶᠢ ᠲᠡᠬᠡᠭᠰᠢᠯᠡᠬᠦᠯᠬᠦ ᠶᠢᠨ ᠱᠠᠭᠠᠷᠳᠠᠯᠭ᠎ᠠ ᠪᠤᠯᠤᠨ᠎ᠠ᠃ | ︵2︶ ᠦᠷᠬᠦᠯᠵᠢ ᠤᠷᠠᠨ ᠰᠠᠶᠢᠠᠬᠨ᠂ ᠪᠠᠶ᠎ᠠ ᠶᠢᠨ ᠲᠠᠮᠢᠷ ᠤᠨ ᠬᠦᠳᠡᠯᠬᠡᠬᠡᠨ ᠳᠤ ᠤᠷᠤᠯᠴᠠᠬᠤ ᠵᠠᠩ ᠲᠠᠳᠬᠠᠯ ᠢ ᠪᠤᠢ ᠪᠤᠯᠭᠠᠬᠤ ᠬᠡᠷᠡᠭᠳᠡᠢ᠃ ᠪᠠᠶ᠎ᠠ ᠶᠢᠨ | ᠲᠠᠮᠢᠷ ᠤᠨ ᠪᠤᠯᠪᠠᠰᠤᠷᠠᠯ ᠪᠠ ᠨᠠᠶᠢᠷ ᠨᠠᠭᠠᠳᠤᠮ ᠳᠤ ᠤᠷᠤᠯᠴᠠᠬᠤ ᠨᠢ ᠪᠠᠶ᠎ᠠ ᠮᠠᠬᠠᠪᠤᠳ ᠤᠨ ᠡᠷᠡᠬᠦᠯ ᠮᠠᠨᠳᠤ᠂ ᠰᠡᠳᠬᠢᠴᠠ ᠶᠢᠨ ᠡᠷᠡᠬᠦᠯᠵᠢᠯ ᠢ ᠬᠠᠮᠠᠭᠠᠯᠠᠬᠤ ᠪᠠ | ᠨᠡᠶᠢᠬᠡᠮ ᠳᠤ ᠵᠤᠬᠢᠴᠠᠬᠤ ᠴᠢᠳᠠᠪᠤᠷᠢ ᠪᠠᠨ ᠲᠡᠬᠡᠭᠰᠢᠯᠡᠬᠦᠯᠬᠦ ᠳᠤ ᠪᠦᠷ ᠰᠠᠶᠢᠨ ᠪᠠᠶᠢᠳᠠᠭ᠃ ᠤᠷᠠᠨ ᠰᠠᠶᠢᠬᠠᠨ᠂ ᠪᠠᠶ᠎ᠠ ᠶᠢᠨ ᠲᠠᠮᠢᠷ ᠤᠨ ᠬᠦᠳᠡᠯᠬᠡᠬᠡᠨ ᠤ ᠬᠡᠯᠪᠡᠷᠢ ᠪᠡ | ᠤᠳᠠᠭ᠎ᠠ ᠪᠦᠷᠢ ᠶᠢᠨ ᠬᠦᠳᠡᠯᠬᠡᠬᠡᠨ ᠤ ᠴᠠᠭ ᠢ ᠵᠠᠪᠠᠯ ᠦᠪᠡᠷ ᠤᠨ ᠪᠠᠶ᠎ᠠ ᠶᠢᠨ ᠪᠠᠶᠢᠳᠠᠯ᠂ ᠤᠷᠮ᠎ᠠ ᠰᠤᠨᠢᠷᠬᠠᠯ ᠲᠠᠢ ᠪᠠᠨ ᠵᠤᠬᠢᠴᠠᠭᠤᠯᠬᠤ ᠬᠡᠷᠡᠭᠳᠡᠢ᠃ | ︵3︶ ᠤᠨᠳᠠᠬᠤ ᠲᠠᠳᠬᠠᠯ ᠢᠶᠠᠨ ᠰᠠᠶᠢᠨ ᠪᠤᠯᠭᠠᠬᠤ ᠬᠡᠷᠡᠭᠳᠡᠢ᠃ ᠵᠢᠮ᠎ᠠ ᠶᠤᠰᠤ ᠲᠠᠢ ᠤᠨᠳᠠᠬᠤ ᠪᠤᠯ ᠨᠦᠢᠷ ᠤᠨ ᠴᠢᠨᠠᠷ ᠢ ᠪᠠᠳᠤᠯᠠᠵᠤ᠂ ᠡᠷᠡᠬᠦᠯ ᠮᠠᠨᠳᠤ ᠶᠢ | ᠬᠠᠮᠠᠭᠠᠯᠠᠬᠤ ᠳᠤ ᠳᠤᠩ ᠠᠰᠢᠬᠳᠠᠢ ᠪᠠᠶᠢᠳᠠᠭ᠃ ᠤᠨᠳᠠᠬᠤ ᠴᠠᠭ ᠢ ᠡᠷᠬᠡᠪᠰᠢ ᠨᠠᠰᠤ ᠪᠠ ᠬᠤᠪᠢ ᠬᠦᠮᠤᠨ ᠤ ᠪᠠᠶ᠎ᠠ ᠶᠢᠨ ᠤᠨᠴᠠᠯᠢᠬ ᠢᠶᠠᠨ ᠦᠨᠳᠤᠰᠤᠯᠠᠵᠤ | ᠳᠤᠭᠳᠠᠭᠠᠬᠤ ᠬᠡᠷᠡᠭᠳᠡᠢ᠃ ᠶᠠᠷᠤ ᠳᠡᠭᠡᠨ ᠨᠠᠰᠤᠨ ᠳᠤ ᠬᠦᠷᠦᠭᠰᠡᠳ ᠡᠳᠤᠷ ᠪᠦᠷᠢ 7 ᠊᠊᠊ 8 ᠴᠠᠭ ᠤᠨᠳᠠᠬᠤ ᠴᠢᠬᠤᠯᠠᠳᠠᠢ᠃ ᠤᠷᠤᠢ ᠶᠢᠨ 10 ᠴᠠᠭ ᠠᠴᠠ ᠡᠷᠳᠡ ᠶᠢᠨ | 4 ᠴᠠᠭ ᠬᠦᠷᠳᠡᠯ᠎ᠠ᠂ ᠡᠨᠡ ᠬᠦ ᠬᠡᠰᠡᠭ ᠬᠤᠭᠤᠴᠠᠭᠠᠨ ᠤ ᠤᠨᠳᠠᠬᠤ ᠴᠢᠨᠠᠷ ᠨᠢ ᠬᠠᠮᠤᠭ ᠤᠨ ᠰᠠᠶᠢᠨ ᠪᠠᠶᠢᠳᠠᠭ᠃ ᠤᠷᠤᠢ ᠶᠢᠨ 11 ᠴᠠᠭ ᠦᠩᠬᠡᠷᠡᠪᠡᠯ ᠬᠦᠮᠤᠨ ᠬᠠᠷᠢᠨ | ᠬᠦᠬᠡᠷᠴᠤ᠂ ᠨᠡᠩ ᠤᠨᠳᠠᠵᠤ ᠲᠠᠶᠢᠯᠬᠦ ᠦᠬᠡᠢ ᠪᠤᠯᠳᠠᠭ᠃ ᠡᠷᠳᠡ ᠶᠢᠨ 2᠂ 3 ᠴᠠᠭ ᠪᠤᠯ ᠰᠦᠨᠢᠵᠢᠨ ᠰᠠᠭᠤᠬᠤ ᠬᠦᠮᠤᠨ ᠳᠤ ᠬᠠᠮᠤᠭ ᠤᠨ ᠨᠦᠢᠷ ᠬᠦᠷᠬᠦ ᠴᠠᠭ | ᠪᠤᠯᠤᠨ᠎ᠠ᠃ ᠬᠠᠷᠢᠨ ᠬᠡᠬᠡᠷᠡᠭᠰᠡᠡ ᠤ ᠲᠠᠷᠠᠭ᠎ᠠ᠂ ᠬᠦᠮᠤᠨ ᠰᠡᠷᠬᠡᠭ ᠤᠨᠳᠠᠬᠤ ᠬᠤᠭᠤᠴᠠᠭᠠᠨ ᠳᠤ ᠤᠷᠤᠳᠠᠭ ᠪᠦᠬᠡᠳ ᠤᠨᠳᠠᠯᠭ᠎ᠠ ᠶᠢᠨ ᠴᠢᠨᠠᠷ ᠨᠢ ᠰᠠᠶᠢᠨ ᠪᠢᠰᠢ᠃ ᠵᠠᠷᠢᠮ | ᠬᠦᠮᠤᠨ ᠰᠡᠷᠡᠬᠡᠳ ᠲᠠᠬᠢᠵᠤ ᠤᠨᠳᠠᠬᠤ ᠳᠤᠷᠠᠳᠠᠢ ᠪᠠᠶᠢᠳᠠᠭ᠂ ᠦᠨᠡᠨ ᠳᠡᠭᠡᠨ ᠡᠨᠡ ᠦᠶ᠎ᠠ ᠳᠤ ᠭᠤᠤᠯᠳᠠᠭᠤ ᠰᠡᠷᠬᠡᠭ ᠤᠨᠳᠠᠭᠰᠠᠠ ᠢᠶᠠᠨ ᠨᠦᠬᠦᠪᠤᠷᠢᠯᠠᠵᠤ ᠪᠠᠶᠢᠬᠤ | ᠳᠤᠯᠠ ᠦᠷ᠎ᠠ ᠳ᠋ᠦᠩ ᠨᠢ ᠡᠷᠳᠡ ᠤᠨᠳᠠᠵᠤ ᠡᠷᠳᠡ ᠪᠤᠰᠬᠤ ᠪᠦᠬᠡ ᠤᠨᠳᠠᠬᠤ ᠶᠢ ᠬᠦᠷᠬᠦ ᠦᠬᠡᠢ ᠪᠢᠯᠠ᠃ ᠨᠦᠢᠷ ᠬᠠᠨᠤᠬᠤ ᠦᠬᠡᠢ ᠨᠢ ᠬᠦᠮᠤᠨ ᠤ ᠠᠩᠬᠠᠷᠤᠯ ᠪᠠ | ᠴᠡᠬᠡᠵᠢᠯᠡᠬᠦ ᠴᠢᠳᠠᠪᠤᠷᠢ ᠶᠢ ᠳᠤᠷᠤᠭᠰᠢᠯᠠᠭᠤᠯᠬᠤ ᠮᠦᠷᠳᠡᠬᠡᠨ ᠪᠠᠰᠠ ᠰᠢᠨ᠎ᠠ ᠬᠠᠭᠤᠴᠢᠨ ᠤ ᠰᠤᠯᠢᠯᠴᠠᠭ᠎ᠠ ᠶᠢ ᠬᠠᠷᠰᠢᠯᠠᠵᠤ᠂ ᠦᠳᠡᠯᠬᠦ ᠶᠢ ᠲᠦᠷᠬᠡᠳᠬᠡᠨ᠎ᠠ᠃ ᠬᠡᠳᠤᠷᠬᠡᠢ | ᠤᠳᠠᠭᠠᠨ ᠤᠨᠳᠠᠪᠡᠯ ᠬᠦᠮᠤᠨ ᠤ ᠪᠠᠶ᠎ᠠ ᠳᠤ ᠠᠰᠢᠬ ᠦᠬᠡᠢ᠂ ᠲᠠᠷᠠ ᠨᠢ ᠲᠦᠪ ᠮᠡᠳᠡᠷᠡᠯ ᠤᠨ ᠰᠢᠰᠲᠤᠮ ᠢ ᠤᠷᠳᠤ ᠬᠤᠭᠤᠴᠠᠭ᠎ᠠ ᠪᠠᠷ ᠬᠤᠷᠢᠬᠯᠠᠭᠳᠠᠬᠤ ᠪᠠᠶᠢᠳᠠᠯ ᠳᠤ | ᠤᠷᠤᠭᠤᠯᠵᠤ᠂ ᠪᠤᠰᠤᠭᠰᠠᠠ ᠤ ᠲᠠᠷᠠᠭ᠎ᠠ ᠬᠦᠴᠤ ᠲᠠᠮᠢᠷ ᠦᠬᠡᠢ᠂ ᠳᠤᠯᠤᠭᠠᠢ ᠡᠷᠬᠢᠬᠦ ᠲᠦᠷᠦᠭᠳᠡᠯ ᠲᠠᠢ ᠪᠤᠯᠭᠠᠳᠠᠭ᠃ ᠤᠨᠳᠠᠬᠤ ᠴᠠᠭ ᠨᠢ ᠬᠡᠳᠤ ᠤᠷᠳᠤ ᠪᠤᠯᠪᠠᠯ | ᠪᠠᠰᠠ ᠠᠮᠢᠰᠬᠤᠯ ᠤᠳᠠᠭᠠᠰᠢᠷᠠᠵᠤ᠂ ᠬᠦᠴᠢᠯᠳᠦ᠋ᠷᠦᠭᠴᠢ ᠰᠤᠷᠤᠬᠤ ᠨᠢ ᠪᠠᠭᠠᠰᠬᠤ᠂ ᠵᠢᠷᠤᠬᠡ ᠠᠭᠤᠰᠬᠢ ᠪᠤᠯᠤᠨ ᠴᠢᠰᠤᠨ ᠡᠷᠬᠢᠯᠳᠠ ᠶᠢᠨ ᠲᠠᠷᠤᠭᠠᠰᠤ ᠬᠦᠨᠳᠤᠷᠠᠵᠤ᠂ | ᠵᠢᠷᠤᠬᠡᠨ ᠡᠪᠡᠳᠴᠢᠨ ᠪᠠ ᠲᠠᠷᠢᠬᠢᠨ ᠤ ᠴᠢᠰᠤᠨ ᠰᠤᠳᠠᠯ ᠪᠦᠭᠯᠡᠷᠡᠬᠦ ᠠᠶᠤᠯᠳᠠᠢ ᠪᠠᠶᠢᠳᠠᠭ᠃ |