ᠮᠠᠨ ᠤ ᠬᠤᠰᠢᠭᠤ 2025 ᠣᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/5/26
      5 ᠰᠠᠷ᠎ᠠ ᠶᠢᠨ 23 ᠤ ᠡᠳᠦᠷ᠂ ᠮᠠᠨ ᠤ ᠬᠤᠰᠢᠭᠤ 2025 ᠣᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠸᠧᠨ ᠴᠧᠩ ᠬᠤᠷᠠᠯ ᠳᠤ ᠣᠷᠣᠯᠴᠠᠪᠠ᠃      ᠬᠤᠷᠠᠯ ᠠᠴᠠ᠂ ︽ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠰᠡᠷᠡᠮᠵᠢᠯᠡᠭᠦᠯᠦᠯ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠮᠡᠳᠡᠭᠳᠡᠯ︾ ᠢ ᠳᠠᠮᠵᠢᠭᠤᠯᠵᠤ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠠᠵᠤ ᠠᠬᠤᠶᠢᠯᠠᠯ ᠤᠨ ᠬᠠᠷᠢᠭᠤᠴᠠᠯᠭ᠎ᠠ ᠪᠠ ᠠᠮᠤᠷ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠴᠢᠩᠭᠠᠳᠬᠠᠨ᠂ ᠤᠳᠤᠷᠢᠳᠤᠯᠭ᠎ᠠ ᠵᠢᠵᠢᠭᠦᠷ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠴᠢᠩᠭᠠᠳᠬᠠᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠠᠳᠡᠯ ᠤᠨ ᠳᠠᠯᠳᠠ ᠭᠡᠮ ᠢ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ