ᠮᠠᠨ ᠤ ᠬᠤᠰᠢᠭᠤ 2025 ᠣᠨ ᠤ ᠠᠩᠬᠠᠳᠤᠭᠠᠷ ᠤᠳᠠᠭᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/26
      5 ᠰᠠᠷ᠎ᠠ ᠶᠢᠨ 23 ᠤ ᠡᠳᠦᠷ᠂ ᠮᠠᠨ ᠤ ᠬᠤᠰᠢᠭᠤ 2025 ᠣᠨ ᠤ ᠠᠩᠬᠠᠳᠤᠭᠠᠷ ᠤᠳᠠᠭᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠲᠠᠯᠠᠶᠢᠪᠠᠲᠤ ᠣᠷᠣᠯᠴᠠᠪᠠ᠃      ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠲᠠᠯᠠᠶᠢᠪᠠᠲᠤ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ᠂ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠠᠳᠬᠤᠬᠤ ᠬᠡᠷᠡᠭᠲᠡᠢ᠃ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠭᠤᠤᠯᠯᠠᠬᠤ ᠡᠷᠬᠡ ᠶᠢ ᠪᠠᠲᠤ ᠡᠵᠡᠮᠳᠡᠨ᠂ ᠭᠤᠤᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠵᠥᠪ ᠢᠶᠠᠷ ᠬᠥᠲᠥᠯᠦᠨ ᠵᠢᠯᠣᠭᠤᠳᠴᠤ᠂ ᠪᠥᠬᠦ ᠬᠤᠰᠢᠭᠤᠨ ᠤ ᠰᠣᠶᠣᠯ ᠲᠠᠮᠢᠷ ᠤᠨ ᠠᠵᠤ ᠦᠢᠯᠡᠰ ᠤᠨ ᠣᠨᠴᠠᠯᠢᠭᠲᠤ ᠬᠢᠯᠠᠰ ᠴᠡᠭ ᠤᠨ ᠠᠵᠢᠯ ᠢ ᠶᠡᠬᠡᠪᠡᠷ ᠤᠬᠠᠭᠤᠯᠵᠤ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠠᠬᠢᠭᠤᠯᠵᠤ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠬᠡᠷᠡᠭᠲᠡᠶ᠃ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠤᠮᠠᠷᠠᠲᠤ ᠬᠢᠯᠢ ᠶᠢᠨ ᠰᠣᠶᠣᠯ ᠢ ᠶᠡᠬᠡᠪᠡᠷ ᠪᠠᠳᠠᠷᠠᠭᠤᠯᠤᠨ᠂ ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠵᠦ᠂ ᠪᠥᠬᠦ ᠬᠤᠰᠢᠭᠤᠨ ᠤ ᠦᠵᠡᠯ ᠰᠠᠨᠠᠭ᠎ᠠ ᠰᠣᠶᠣᠯ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠴᠦ᠂ ᠰᠢᠨ᠎ᠡ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ