2025 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ︽ᠬᠡᠷᠡᠭᠯᠡᠭᠡ ᠶᠢ ᠲᠠᠰ ᠳᠡᠪᠰᠢᠬᠦᠯᠬᠦ ᠪᠠᠷ ᠠᠵᠤ ᠦᠢᠯᠡᠰ ᠤᠨ ᠲᠠᠰ | ᠳᠠᠪᠰᠢᠯᠲᠠ ᠶᠢ ᠬᠥᠲᠥᠯᠥᠨ ᠳᠠᠭᠠᠭᠤᠯᠬᠤ ᠬᠡᠷᠡᠭᠲᠡᠢ︾ ᠭᠡᠵᠦ ᠲᠣᠳᠣᠷᠬᠠᠢ ᠳᠤᠷᠠᠳᠤᠨ ᠭᠠᠷᠭᠠᠪᠠ᠃ ︽ᠬᠡᠷᠡᠭᠯᠡᠭᠡ ᠶᠢᠨ ᠳᠡᠰ ᠳᠠᠪᠰᠢᠯᠲᠠ︾ ᠪᠠ ︽ᠠᠵᠤ | ᠦᠢᠯᠡᠰ ᠤᠨ ᠳᠡᠰ ᠳᠠᠪᠰᠢᠯᠲᠠ︾ ᠨᠢ ᠴᠥᠮ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠬᠥᠳᠡᠯᠭᠡᠭᠴᠢ ᠬᠦᠴᠦᠨ ᠮᠥᠨ᠃ ᠠᠵᠤ ᠠᠬᠤᠢ ᠶᠢᠨ ᠣᠷᠴᠢᠯ | ᠳᠤᠮᠳᠠ ᠬᠡᠷᠡᠭᠯᠡᠭᠡ ᠪᠣᠯ ᠨᠥᠬᠦᠨ ᠦᠢᠯᠡᠳᠪᠦᠷᠢᠯᠡᠯ ᠤᠨ ᠶᠠᠪᠤᠴᠠ ᠶᠢᠨ ᠡᠴᠦᠰ ᠤᠨ ᠭᠤᠭᠴᠤᠭ᠎ᠠ ᠮᠥᠨ᠂ ᠲᠡᠷᠡ ᠨᠢ ᠬᠡᠷᠡᠭᠴᠡᠭᠡ ᠪᠠ ᠬᠠᠩᠭᠠᠯᠭ᠎ᠠ ᠶᠢ ᠬᠤᠯᠪᠣᠳᠠᠭ᠃ | ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢᠨ ᠡᠴᠦᠰ ᠤᠨ ᠴᠡᠭ ᠪᠣᠯ ᠠᠵᠤ ᠦᠢᠯᠡᠰ ᠤᠨ ᠭᠦᠭᠵᠢᠯᠲᠡ ᠶᠢᠨ ᠬᠡᠯᠪᠡᠷᠢ ᠪᠠᠨ | ᠬᠤᠪᠢᠷᠠᠭᠤᠯᠤᠨ ᠳᠡᠰ ᠳᠠᠪᠰᠢᠬᠦ ᠶᠢᠨ ᠡᠬᠢᠯᠡᠯᠲᠡ ᠮᠥᠨ᠃ ᠬᠡᠷᠡᠭᠯᠡᠭᠡ ᠶᠢᠨ ᠲᠠᠰ ᠳᠠᠪᠰᠢᠯᠲᠠ ᠪᠠ ᠠᠵᠤ ᠦᠢᠯᠡᠰ ᠤᠨ ᠲᠠᠰ ᠳᠠᠪᠰᠢᠯᠲᠠ ᠶᠢᠨ ᠯᠣᠭᠢᠭ ᠤᠨ | ᠬᠠᠷᠢᠴᠠᠭ᠎ᠠ ᠶᠢ ᠰᠠᠶᠢᠲᠤᠷ ᠡᠵᠡᠮᠳᠡᠵᠦ᠂ ︽ᠬᠡᠷᠡᠭᠴᠡᠭᠡ ᠪᠠᠷ ᠬᠠᠩᠭᠠᠯᠭ᠎ᠠ ᠶᠢ ᠬᠥᠲᠥᠯᠥᠨ ᠳᠠᠭᠠᠭᠤᠯᠬᠤ᠂ ᠬᠠᠩᠭᠠᠯᠭ᠎ᠠ ᠪᠠᠷ ᠬᠡᠷᠡᠭᠴᠡᠭᠡ ᠶᠢ ᠡᠭᠦᠳᠬᠦ︾ ᠰᠠᠶᠢᠨ | ᠣᠷᠴᠢᠯ ᠢ ᠪᠣᠶ ᠪᠣᠯᠭᠠᠬᠤ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠭᠤᠣᠯᠳᠠᠯᠭ᠎ᠠ ᠶᠤᠮ᠃ | ᠣᠶᠢᠷ᠎ᠠ ᠶᠢᠨ ᠵᠢᠯ ᠳᠤ ᠮᠠᠨ ᠤ ᠤᠯᠤᠰ ᠬᠡᠷᠡᠭᠯᠡᠭᠡ ᠶᠢᠨ ᠪᠦᠲᠦᠴᠡ᠂ ᠶᠠᠰᠤ ᠴᠢᠨᠠᠷ ᠤᠨ ᠱᠠᠭᠠᠷᠳᠠᠯᠭ᠎ᠠ᠂ ᠬᠡᠪ ᠵᠠᠭᠪᠤᠷ ᠪᠣᠯᠣᠨ ᠣᠶᠢᠯᠠᠭᠠᠭᠳᠠᠬᠤᠨ ᠵᠡᠷᠭᠡ | ᠲᠠᠯ᠎ᠠ ᠪᠠᠷ ᠲᠠᠰᠤᠷᠠᠯᠳᠠ ᠦᠭᠡᠢ ᠲᠣᠬᠢᠷᠠᠭᠤᠯᠤᠯᠲᠠ ᠬᠢᠬᠦ ᠬᠠᠨᠳᠤᠰᠢ ᠢᠯᠡᠷᠡᠵᠤ ᠪᠤᠢ᠃ ᠪᠦᠲᠦᠴᠡ ᠠᠴᠠ ᠦᠵᠡᠪᠡᠯ᠂ ᠡᠭᠡᠯ ᠠᠷᠠᠳ ᠤᠨ ᠭᠡᠷ ᠪᠦᠯᠢ ᠶᠢᠨ | ᠬᠡᠷᠡᠭᠯᠡᠭᠡ ᠶᠢᠨ ᠡᠳ᠋ ᠨᠢ ᠳᠤᠭᠤᠢ ᠲᠡᠷᠭᠡ᠂ ᠭᠠᠷ ᠴᠠᠭ᠂ ᠣᠶᠣᠳᠠᠯ ᠤᠨ ᠮᠠᠰᠢᠨ᠂ ᠷᠠᠳᠢᠣ᠋ ︽ᠭᠤᠷᠪᠠ ᠡᠷᠭᠢᠯᠳᠦᠭᠦᠯᠵᠦ ᠨᠢᠭᠡ ᠳᠤᠤᠭᠠᠷᠬᠤ︾ ᠪᠠᠶᠢᠭᠰᠠᠨ ᠠᠴᠠ | ᠬᠥᠯᠳᠡᠭᠡᠭᠦᠷ᠂ ᠪᠤᠳᠤᠭᠲᠤ ᠲᠧᠯᠸᠢᠰ᠂ ᠬᠤᠪᠴᠠᠰᠤ ᠤᠬᠢᠶᠠᠬᠤ ᠮᠠᠰᠢᠨ ︽ᠭᠤᠷᠪᠠᠨ ᠶᠡᠭᠡ ᠵᠦᠢᠯ︾ ᠪᠣᠯᠤᠭᠰᠠᠨ ᠲᠠᠢ ᠠᠳᠠᠯᠢ ᠪᠠᠷ᠂ ᠣᠳᠣᠬᠠᠨ ᠤ ᠬᠡᠷᠡᠭᠯᠡᠭᠡ ᠶᠢᠨ | ᠪᠦᠲᠦᠴᠡ ᠳᠤ ᠰᠢᠨ᠎ᠡ ᠬᠤᠪᠢᠷᠠᠯᠲᠠ ᠭᠠᠷᠴᠤ ᠪᠠᠶᠢᠭ᠎ᠠ ᠶᠤᠮ᠃ ᠬᠡᠷᠡᠭᠯᠡᠭᠴᠢᠳ ᠪᠣᠳᠠᠰ ᠤᠨ ᠬᠡᠷᠡᠭᠯᠡᠭᠡ ᠬᠢᠬᠦ ᠶᠢᠨ ᠬᠠᠮᠲᠤ ᠦᠢᠯᠡᠴᠢᠯᠡᠭᠡᠨ ᠤ ᠬᠡᠷᠡᠭᠯᠡᠭᠡ ᠶᠢᠨ | ᠬᠡᠷᠡᠭᠴᠡᠭᠡ ᠲᠡᠰᠦᠷᠡᠯᠳᠠ ᠦᠭᠡᠢ ᠳᠡᠭᠡᠭᠰᠢᠯᠡᠵᠦ᠂ ᠬᠥᠭᠵᠢᠯᠲᠡ ᠶᠢᠨ ᠬᠡᠯᠪᠡᠷᠢ ᠶᠢᠨ ᠬᠡᠷᠡᠭᠯᠡᠭᠡ ᠶᠢᠨ ᠬᠡᠷᠡᠭᠴᠡᠭᠡ ᠲᠡᠰᠦᠷᠡᠯᠳᠠ ᠦᠭᠡᠢ ᠨᠡᠮᠡᠭᠳᠡᠵᠦ ᠪᠠᠶᠢᠨ᠎ᠠ᠃ 2024 | ᠣᠨ ᠳᠤ ᠮᠠᠨ ᠤ ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡ ᠶᠢᠨ ᠵᠠᠷᠤᠯᠭ᠎ᠠ ᠶᠢᠨ ᠳᠤᠲᠤᠷ᠎ᠠ ᠦᠢᠯᠡᠴᠢᠯᠡᠭᠡᠨ ᠤ ᠴᠢᠨᠠᠷᠲᠠᠢ | ᠬᠡᠷᠡᠭᠯᠡᠭᠡ ᠶᠢᠨ ᠡᠵᠡᠯᠡᠬᠦ ᠬᠠᠷᠢᠴᠠᠯ ᠨᠢ 46.1% ᠳᠤ ᠬᠦᠷᠴᠡᠢ᠃ ᠶᠠᠰᠤ ᠴᠢᠨᠠᠷ ᠠᠴᠠ ᠦᠵᠡᠪᠡᠯ᠂ ᠬᠡᠷᠡᠭᠯᠡᠭᠴᠢᠳ ᠤᠨ ᠦᠢᠯᠡᠳᠬᠦᠨ ᠤ ᠶᠠᠰᠤ ᠴᠢᠨᠠᠷ᠂ ᠴᠢᠳᠠᠮᠵᠢ᠂ | ᠲᠦᠷᠦᠯ ᠲᠡᠮᠳᠡᠭ ᠵᠢᠴᠢ ᠪᠡᠶᠡᠴᠢᠯᠡᠭᠰᠡᠨ ᠲᠥᠷᠥᠭᠳᠡᠯ ᠵᠡᠷᠭᠡ ᠱᠠᠭᠠᠷᠳᠠᠯᠭ᠎ᠠ ᠲᠠᠰᠤᠷᠠᠯᠲᠠ ᠦᠭᠡᠢ ᠳᠡᠭᠡᠭᠰᠢᠯᠡᠵᠦ ᠪᠤᠢ᠃ ᠭᠡᠷ ᠪᠦᠯᠢ ᠳᠤ ᠦᠷᠭᠦᠯᠵᠢ ᠬᠡᠷᠡᠭᠯᠡᠳᠡᠭ | ᠬᠤᠪᠴᠠᠰᠤ ᠤᠬᠢᠶᠠᠬᠤ ᠮᠠᠰᠢᠨ ᠢᠶᠠᠷ ᠵᠢᠱᠢᠶᠡᠯᠡᠪᠡᠯ᠂ ᠬᠥᠮᠥᠰ ᠤᠨ ᠦᠢᠯᠡᠳᠬᠦᠨ ᠤ ᠴᠢᠳᠠᠮᠵᠢ ᠶᠢᠨ ᠬᠡᠷᠡᠭᠴᠡᠭᠡ ︽ᠤᠬᠢᠶᠠᠬᠤ︾ ᠠᠴᠠ ︽ᠤᠬᠢᠶᠠᠵᠤ ᠬᠠᠮᠠᠭᠠᠯᠠᠬᠤ︾ | ᠳᠠᠶᠢᠰᠢ ᠲᠠᠰᠤᠷᠠᠯᠲᠠ ᠦᠭᠡᠢ ᠬᠥᠭᠵᠢᠵᠦ᠂ ᠬᠠᠭᠤᠷᠠᠢ ᠬᠤᠪᠴᠠᠰᠤ ᠪᠠ ᠤᠬᠢᠶᠠᠵᠤ ᠬᠠᠳᠠᠭᠠᠬᠤ ᠵᠡᠷᠭᠡ ᠦᠢᠯᠡᠳᠬᠦᠨ ᠤ ᠵᠠᠬ᠎ᠠ ᠳᠡᠯᠭᠡᠭᠦᠷ ᠤᠨ ᠭᠥᠯᠢᠶᠡᠨ ᠠᠪᠬᠤ | ᠬᠡᠮᠵᠢᠶ᠎ᠡ ᠲᠦᠷᠭᠡᠨ ᠳᠡᠭᠡᠭᠰᠢᠯᠡᠵᠦ ᠪᠤᠢ᠃ ᠬᠡᠷᠡᠭᠯᠡᠭᠡ ᠶᠢᠨ ᠵᠠᠭᠪᠤᠷ ᠠᠴᠠ ᠦᠵᠡᠪᠡᠯ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠠᠷᠭ᠎ᠠ ᠬᠡᠯᠪᠡᠷᠢ ᠨᠢ ᠶᠠᠭ ᠪᠤᠳᠠᠳᠤ | ᠴᠤᠭᠴᠠ ᠶᠢᠨ ᠬᠡᠷᠡᠭᠯᠡᠭᠡ ᠪᠠᠷ ᠭᠤᠣᠯ ᠪᠣᠯᠭᠠᠵᠤ ᠪᠠᠶᠢᠭᠰᠠᠨ ᠠᠴᠠ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠶᠢᠨ ᠬᠡᠷᠡᠭᠯᠡᠭᠡ ᠶᠢ ᠨᠢᠭᠡ ᠴᠣᠭᠴᠠᠵᠢᠭᠤᠯᠬᠤ | ᠳᠠᠶᠢᠰᠢ ᠬᠤᠪᠢᠷᠠᠵᠤ᠂ ᠬᠡᠷᠡᠭᠯᠡᠭᠡ ᠶᠢᠨ ᠠᠬᠤᠢ ᠪᠠᠶᠢᠳᠠᠯ ᠤᠨ ᠰᠢᠨ᠎ᠡ ᠶᠢ ᠡᠭᠦᠳᠬᠦ ᠨᠢ ︽ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠤᠯᠢᠮᠠᠭ︾ ᠵᠡᠷᠭᠡ ᠬᠠᠷᠢᠯᠴᠠᠨ | ᠬᠥᠳᠡᠯᠦᠯᠴᠡᠬᠦ ᠴᠢᠨᠠᠷ ᠪᠠ ᠪᠡᠶᠡᠴᠢᠯᠡᠬᠦ ᠴᠢᠨᠠᠷ ᠢᠶᠠᠷ ᠨᠠᠩ ᠴᠢᠩᠭ᠎ᠠ ᠬᠡᠷᠡᠭᠯᠡᠭᠡ ᠶᠢᠨ ᠰᠢᠨ᠎ᠡ ᠵᠠᠭᠪᠤᠷ ᠢ ᠠᠪᠴᠢᠷᠠᠵᠤ ᠪᠤᠢ᠃ ᠢᠳᠡᠭᠡᠨ ᠤᠮᠳᠠᠭᠠᠨ ᠤ ᠬᠤᠯᠪᠣᠭᠠᠯᠠᠭᠰᠠᠨ | ᠲᠦᠷᠦᠯ ᠲᠡᠮᠳᠡᠭᠲᠦ᠂ ᠺᠣᠹᠧ ᠬᠠᠷ᠎ᠠ ᠠᠷᠢᠬᠢ ᠶᠢ ᠬᠤᠯᠢᠬᠤ᠂ ᠰᠣᠶᠣᠯ ᠵᠢᠭᠤᠯᠴᠢᠯᠠᠯ ᠪᠤᠰᠤᠳ ᠬᠡᠷᠡᠭᠯᠡᠭᠡ ᠶᠢ ᠠᠭᠤᠰᠤᠯᠴᠠᠭᠤᠯᠤᠭᠰᠠᠨ ︽ᠢᠳᠡᠬᠦ᠂ ᠰᠠᠭᠤᠬᠤ᠂ | ᠶᠠᠪᠤᠬᠤ᠂ ᠵᠢᠭᠤᠯᠴᠢᠯᠠᠬᠤ᠂ ᠬᠤᠳᠠᠯᠳᠤᠨ ᠠᠪᠬᠤ᠂ ᠴᠡᠩᠭᠡᠬᠦ︾ ᠵᠡᠷᠭᠡ ᠰᠢᠨ᠎ᠡ ᠵᠠᠭᠪᠤᠷ ᠨᠢ ᠤᠯᠠᠮ ᠠᠴᠠ ᠤᠯᠠᠮ ᠬᠦᠷᠢᠶᠡᠯᠡᠯ ᠲᠠᠢ ᠪᠣᠯᠵᠤ ᠪᠤᠢ᠃ ᠬᠡᠷᠡᠭᠯᠡᠭᠡ ᠶᠢᠨ | ᠦᠵᠡᠯᠲᠡ ᠠᠴᠠ ᠦᠵᠡᠪᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠪᠣᠯᠣᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠣᠶᠢᠯᠠᠭᠠᠭᠳᠠᠬᠤᠨ ᠡᠳᠦᠷ ᠢᠷᠡᠬᠦᠶ᠎ᠡ ᠬᠥᠮᠥᠰ ᠤᠨ ᠰᠡᠳᠬᠢᠯ ᠳᠤ ᠬᠠᠳᠠᠩᠰᠢᠬᠤ ᠶᠢ ᠳᠠᠭᠠᠯᠳᠤᠨ᠂ ᠠᠷᠠᠳ ᠢᠷᠭᠡᠳ ᠤᠨ ᠣᠶᠤᠨᠲᠤ᠂ ᠡᠨᠧᠷᠭᠢ ᠠᠷᠪᠢᠯᠠᠬᠤ ᠪᠠ | ᠡᠷᠡᠭᠦᠯ ᠮᠡᠨᠳᠦ ᠶᠢᠨ ᠪᠦᠲᠦᠭᠡᠭᠳᠡᠬᠦᠨ ᠤ ᠬᠡᠷᠡᠭᠯᠡᠭᠡ ᠶᠢᠨ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ᠂ ᠬᠡᠷᠡᠭᠯᠡᠭᠡ ᠶᠢᠨ ᠦᠵᠡᠯᠲᠡ ᠨᠢ ᠴᠦ ︽ᠡᠪᠳᠡᠷᠡᠬᠦ ᠦᠭᠡᠢ ᠪᠤᠯ | ᠰᠣᠯᠢᠬᠤ ᠦᠭᠡᠢ︾ ᠪᠠᠶᠢᠭᠰᠠᠨ ᠠᠴᠠ ᠪᠠᠨ ︽ᠰᠠᠶᠢᠨ ᠢ ᠬᠥᠭᠡᠭᠡᠴᠡᠯᠳᠦᠬᠦ ᠰᠢᠨ᠎ᠡ ᠶᠢ ᠬᠥᠭᠡᠭᠡᠴᠡᠯᠳᠦᠬᠦ︾ ᠪᠣᠯᠵᠤ᠂ ︽ᠲᠠᠩ ᠭᠠᠭᠴᠠ ᠴᠢᠳᠠᠮᠵᠢ ᠶᠢ ᠬᠠᠩᠭᠠᠬᠤ︾ | ᠪᠠᠶᠢᠭᠰᠠᠨ ᠠᠴᠠ ᠪᠠᠨ ︽ᠤᠯᠠᠨ ᠡᠰᠢᠴᠢᠯᠡᠭᠰᠡᠨ ᠥᠪᠡᠷᠮᠢᠴᠡ ᠬᠡᠷᠡᠭᠴᠡᠭᠡ ᠶᠢ ᠬᠠᠩᠭᠠᠬᠤ︾ ᠪᠣᠯᠵᠤ ᠬᠤᠪᠢᠷᠠᠪᠠ᠃ | ᠲᠡᠭᠡᠪᠡᠯ ᠬᠡᠷᠬᠢᠨ ᠬᠡᠷᠡᠭᠯᠡᠭᠡ ᠶᠢ ᠳᠡᠰ ᠳᠠᠪᠰᠢᠭᠦᠯᠬᠦ ᠪᠠᠷ ᠠᠵᠤ ᠦᠢᠯᠡᠰ ᠤᠨ ᠳᠡᠰ ᠳᠠᠪᠰᠢᠯᠲᠠ ᠶᠢ ᠬᠥᠲᠥᠯᠥᠨ ᠳᠠᠭᠠᠭᠤᠯᠬᠤ ᠪᠤᠢ︖ ᠬᠡᠷᠡᠭᠴᠡᠭᠡ ᠪᠣᠯ | ᠬᠠᠮᠤᠭ ᠤᠨ ᠴᠢᠩᠭ᠎ᠠ ᠵᠠᠬ᠎ᠠ ᠳᠡᠯᠭᠡᠭᠦᠷ ᠤᠨ ᠬᠥᠳᠡᠯᠭᠡᠬᠦ ᠬᠦᠴᠦᠨ ᠮᠥᠨ᠂ ᠬᠡᠷᠡᠭᠯᠡᠭᠡ ᠪᠣᠯ ᠡᠴᠦᠰ ᠤᠨ ᠬᠡᠷᠡᠭᠴᠡᠭᠡ ᠮᠥᠨ᠂ ᠠᠷᠠᠳ ᠤᠯᠠᠨ ᠤ ᠰᠠᠶᠢᠨ ᠰᠠᠶᠢᠬᠠᠨ | ᠠᠮᠢᠳᠤᠷᠠᠯ ᠤᠨ ᠬᠡᠷᠡᠭᠴᠡᠭᠡ ᠶᠢᠨ ᠰᠢᠭᠤᠳ ᠢᠯᠡᠷᠡᠯ ᠮᠥᠨ᠂ ᠨᠡᠩ ᠴᠤ ᠦᠢᠯᠡᠳᠪᠦᠷᠢᠯᠡᠯ ᠤᠨ ᠵᠣᠷᠢᠯᠭ᠎ᠠ ᠪᠠ ᠬᠥᠳᠡᠯᠭᠡᠬᠦ ᠬᠦᠴᠦᠨ ᠮᠥᠨ᠃ ᠬᠡᠷᠡᠭᠯᠡᠭᠡ ᠶᠢᠨ ᠳᠡᠰ | ᠳᠠᠪᠰᠢᠯᠲᠠ ᠶᠢᠨ ᠴᠢᠭᠯᠡᠯ ᠨᠢ ᠠᠵᠤ ᠦᠢᠯᠡᠰ ᠤᠨ ᠳᠡᠰ ᠳᠠᠪᠰᠢᠯᠲᠠ ᠳᠤ ᠴᠢᠬᠤᠯᠠ ᠤᠳᠤᠷᠢᠳᠤᠮᠵᠢ ᠬᠠᠩᠭᠠᠵᠤ ᠪᠤᠢ᠃ ᠬᠡᠷᠡᠭᠯᠡᠭᠡ ᠶᠢᠨ ᠵᠠᠬ᠎ᠠ ᠳᠡᠯᠭᠡᠭᠦᠷ ᠤᠨ | ᠬᠡᠷᠡᠭᠴᠡᠭᠡ ᠶᠢᠨ ᠳᠣᠬᠢᠶ᠎ᠠ ᠶᠢᠨ ᠬᠤᠪᠢᠷᠠᠯᠲᠠ ᠨᠢ ᠠᠯᠬᠤᠮ ᠠᠯᠬᠤᠮ ᠢᠶᠠᠷ ᠦᠢᠯᠡᠳᠪᠦᠷᠢᠯᠡᠯ ᠤᠨ ᠦᠵᠦᠭᠦᠷ ᠤᠨ ᠠᠵᠤ ᠠᠬᠤᠶᠢᠯᠠᠯ ᠳᠤ ᠳᠠᠮᠵᠢᠭᠳᠠᠵᠤ᠂ ᠰᠢᠨ᠎ᠡ | ᠬᠡᠯᠪᠡᠷᠢ ᠶᠢᠨ᠂ ᠴᠢᠨᠠᠷ ᠰᠠᠶᠢᠲᠠᠢ᠂ ᠣᠯᠠᠨ ᠡᠰᠢᠵᠢᠭᠰᠡᠨ ᠬᠡᠷᠡᠭᠯᠡᠭᠡ ᠶᠢᠨ ᠬᠡᠷᠡᠭᠴᠡᠭᠡ ᠨᠢ ᠠᠵᠤ ᠠᠬᠤᠶᠢᠯᠠᠯ ᠤᠨ ᠬᠠᠩᠭᠠᠯᠭ᠎ᠠ ᠶᠢᠨ ᠪᠦᠲᠦᠴᠡ ᠪᠠᠨ ᠲᠣᠬᠢᠷᠠᠭᠤᠯᠬᠤ᠂ | ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠬᠤ᠂ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠳᠡᠭᠡᠭᠰᠢᠯᠡᠭᠦᠯᠬᠦ ᠶᠢ ᠠᠬᠢᠭᠤᠯᠵᠤ᠂ ᠨᠠᠩ ᠴᠢᠨᠠᠷ ᠰᠠᠶᠢᠲᠠᠢ | ᠦᠢᠯᠡᠳᠬᠦᠨ ᠪᠠ ᠦᠢᠯᠡᠴᠢᠯᠡᠭᠡ ᠬᠠᠩᠭᠠᠬᠤ ᠪᠠᠷ ᠳᠠᠮᠵᠢᠭᠤᠯᠤᠨ ᠵᠠᠬ᠎ᠠ ᠳᠡᠯᠭᠡᠭᠦᠷ ᠢ ᠵᠠᠪᠳᠤᠨ ᠡᠵᠡᠯᠡᠵᠦ᠂ ᠲᠠᠰ ᠳᠡᠪᠰᠢᠭᠰᠡᠨ ᠬᠡᠷᠡᠭᠯᠡᠭᠡ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠶᠢᠨ ᠤᠯᠠᠮ ᠢᠶᠠᠷ ᠠᠵᠤ ᠦᠢᠯᠡᠰ ᠤᠨ ᠲᠠᠰ ᠳᠠᠪᠰᠢᠯᠲᠠ ᠶᠢ ᠳᠠᠶᠢᠴᠢᠯᠠᠬᠤ ᠪᠤᠯᠤᠨ᠎ᠠ᠃ ᠢᠯᠠᠩᠭᠤᠶ᠎ᠠ ᠬᠡᠷᠡᠭᠯᠡᠭᠡ ᠪᠠᠷ ᠬᠥᠲᠥᠯᠥᠨ | ᠳᠠᠭᠠᠭᠤᠯᠤᠭᠰᠠᠨ ᠠᠵᠤ ᠦᠢᠯᠡᠰ ᠤᠨ ᠲᠠᠰ ᠳᠠᠪᠰᠢᠯᠲᠠ ᠨᠢ ᠡᠴᠦᠰ ᠤᠨ ᠬᠡᠷᠡᠭᠴᠡᠭᠡ ᠳᠤ ᠰᠢᠭᠤᠳ ᠬᠠᠨᠳᠤᠭᠤᠯᠤᠨ ᠦᠢᠯᠡᠳᠬᠦᠨ ᠪᠠ ᠦᠢᠯᠡᠴᠢᠯᠡᠭᠡ ᠪᠠᠨ | ᠲᠡᠭᠦᠯᠳᠡᠷᠵᠢᠭᠦᠯᠬᠦ ᠪᠠ ᠰᠢᠨ᠎ᠡ ᠶᠢ ᠡᠭᠦᠳᠴᠦ ᠴᠢᠳᠠᠳᠠᠭ᠂ ᠡᠶᠢᠮᠦᠷᠬᠦᠤ ᠠᠷᠭ᠎ᠠ ᠮᠠᠶ᠋ᠢᠭ ᠤᠨ ᠲᠠᠰ ᠳᠠᠪᠰᠢᠯᠲᠠ ᠶᠢᠨ ᠬᠠᠷᠠᠯᠲᠠ ᠨᠢ ᠨᠠᠩ ᠲᠣᠳᠣᠷᠬᠠᠢ᠂ ᠦᠷ᠎ᠡ | ᠪᠦᠲᠦᠮᠵᠢ ᠨᠢ ᠨᠠᠩ ᠥᠨᠳᠥᠷ ᠪᠠᠶᠢᠳᠠᠭ᠃ ᠡᠶᠢᠮᠦ ᠠᠴᠠ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠤᠪᠢᠷᠠᠯᠲᠠ ᠶᠢᠨ ᠬᠠᠨᠳᠤᠰᠢ ᠶᠢᠨ ᠲᠣᠭᠤᠷᠢᠨ ᠳᠤ ᠪᠡᠯᠡ | ᠣᠷᠣᠭᠤᠯᠤᠯᠲᠠ᠂ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠨᠢ ᠪᠡᠯᠡ ᠣᠷᠣᠭᠤᠯᠤᠯᠲᠠ ᠪᠠ ᠰᠢᠨ᠎ᠡ ᠶᠢ ᠡᠭᠦᠳᠬᠦ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ᠂ | ᠦᠢᠯᠡᠳᠬᠦᠨ ᠤ ᠥᠷᠢᠰᠦᠯᠳᠦᠬᠦ ᠬᠦᠴᠦᠨ ᠪᠠ ᠨᠡᠮᠡᠯᠲᠡ ᠦᠷᠳᠡᠭ ᠢ ᠳᠡᠭᠡᠭᠰᠢᠯᠡᠭᠦᠯᠬᠦ ᠶᠢᠨ ᠤᠯᠠᠮ ᠢᠶᠠᠷ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ᠂ ᠠᠵᠤ | ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠠᠪᠰᠢᠯᠲᠠ ᠶᠢ ᠪᠡᠶᠡᠯᠡᠭᠦᠯᠬᠦ ᠳᠤ ᠠᠰᠢᠭᠲᠠᠢ ᠶᠤᠮ᠃ | ᠬᠡᠷᠡᠭᠯᠡᠭᠡ ᠶᠢᠨ ᠳᠡᠰ ᠳᠠᠪᠰᠢᠯᠲᠠ ᠪᠠᠷ ᠠᠵᠤ ᠦᠢᠯᠡᠰ ᠤᠨ ᠳᠡᠰ ᠳᠠᠪᠰᠢᠯᠲᠠ ᠶᠢ ᠬᠥᠲᠥᠯᠥᠨ ᠳᠠᠭᠠᠭᠤᠯᠬᠤ ᠳᠤ ᠭᠤᠷᠪᠠᠨ ᠵᠦᠢᠯ ᠢ ᠠᠩᠬᠠᠷᠤᠭᠤᠰᠢᠲᠠᠢ ᠶᠤᠮ᠃ | ᠨᠢᠭᠡ ᠳᠤ᠂ ᠠᠵᠤ ᠦᠢᠯᠡᠰ ᠤᠨ ᠣᠶᠤᠨᠴᠢᠯᠠᠭᠰᠠᠨ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠠᠢ᠃ ᠲᠣᠭᠠᠴᠢᠯᠠᠭᠰᠠᠨ ᠣᠶᠤᠨᠴᠢᠯᠠᠭᠰᠠᠨ ᠬᠥᠭᠵᠢᠯᠲᠡ ᠶᠢᠨ | ᠶᠡᠭᠡ ᠬᠠᠨᠳᠤᠰᠢ ᠳᠤ ᠵᠣᠬᠢᠴᠠᠵᠤ᠂ ᠣᠶᠤᠨᠴᠢ ᠭᠠᠷ ᠤᠲᠠᠰᠤ᠂ ᠣᠶᠤᠨᠴᠢ ᠡᠮᠦᠰᠬᠦ ᠲᠥᠬᠦᠭᠡᠷᠦᠮᠵᠢ ᠵᠡᠷᠭᠡ ᠣᠶᠤᠨᠴᠢᠯᠠᠭᠰᠠᠨ ᠲᠣᠭᠠᠴᠢᠯᠠᠭᠰᠠᠨ ᠦᠢᠯᠡᠳᠬᠦᠨ ᠤ | ᠬᠡᠷᠡᠭᠯᠡᠭᠡ ᠶᠢᠨ ᠬᠡᠷᠡᠭᠴᠡᠭᠡ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠬᠥᠭᠵᠢᠯᠲᠡ ᠶᠢ ᠲᠠᠶᠢᠴᠢᠯᠠᠵᠤ᠂ ᠠᠵᠤ ᠦᠢᠯᠡᠰ ᠤᠨ ᠳᠡᠭᠡᠳᠦ ᠲᠡᠰ ᠤᠨ | ᠣᠶᠤᠨᠴᠢᠯᠠᠭᠰᠠᠨ ᠲᠡᠰ ᠳᠠᠪᠰᠢᠯᠲᠠ ᠶᠢ ᠠᠬᠢᠭᠤᠯᠪᠡ᠃ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ ᠵᠡᠷᠭᠡ ᠬᠠᠮᠢᠶ᠎ᠠ ᠪᠦᠬᠦᠢ ᠦᠢᠯᠡᠴᠢᠯᠡᠭᠡᠨ ᠤ ᠠᠵᠢᠯ ᠲᠥᠷᠥᠯ | ᠴᠦ ᠲᠣᠮᠣ ᠳ᠋ᠠᠶᠢᠲ᠋ᠠ ᠪᠣᠯᠣᠨ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠢ ᠢᠳᠡᠪᠬᠢᠲᠡᠢ ᠬᠡᠷᠡᠭᠯᠡᠵᠦ᠂ ᠲᠣᠭᠠᠨ ᠤ ᠤᠬᠠᠭᠠᠨ ᠢᠶᠠᠷ ᠦᠢᠯᠡᠴᠢᠯᠡᠭᠡᠨ ᠤ ᠶᠠᠰᠤ | ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠤᠨ᠎ᠡ᠃ ᠬᠤᠶᠠᠷ ᠲᠤ᠂ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠠᠢ᠃ | ᠪᠣᠬᠢᠷᠲᠤᠯ ᠦᠭᠡᠢ ᠬᠡᠷᠡᠭᠯᠡᠭᠡ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ᠂ ᠨᠢᠭᠡ ᠲᠠᠯ᠎ᠠ ᠪᠠᠷ ᠬᠠᠮᠢᠶ᠎ᠠ ᠪᠦᠬᠦᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠬᠦ ᠶᠢ ᠪᠦᠲᠦᠮᠵᠢᠲᠡᠶ ᠳᠠᠶᠢᠴᠢᠯᠠᠵᠤ᠂ ᠣᠷᠭᠠᠨᠢᠭ ᠢᠳᠡᠭᠡᠨ᠂ ᠴᠢᠳᠠᠮᠵᠢ ᠰᠠᠶᠢᠲᠠᠢ ᠭᠡᠷ ᠤᠨ ᠴᠠᠬᠢᠯᠭᠠᠨ ᠬᠡᠷᠡᠭᠰᠡᠯ ᠵᠡᠷᠭᠡ ᠪᠣᠬᠢᠷᠲᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ︔ ᠨᠦᠭᠦᠭᠡ ᠲᠠᠯ᠎ᠠ ᠪᠠᠷ ᠪᠠᠰᠠ ᠦᠢᠯᠡᠳᠪᠦᠷᠢᠯᠡᠯ ᠤᠨ ᠦᠵᠦᠭᠦᠷ ᠢ ᠪᠣᠬᠢᠷᠲᠤᠯ ᠦᠭᠡᠢ | ᠦᠢᠯᠡᠳᠪᠦᠷᠢᠯᠡᠯ ᠤᠨ ᠠᠷᠭ᠎ᠠ ᠮᠠᠶ᠋ᠢᠭ ᠲᠡᠶᠢᠰᠢ ᠲᠦᠷᠭᠡᠨ ᠬᠤᠪᠢᠷᠠᠭᠤᠯᠬᠤ ᠶᠢ ᠠᠬᠢᠭᠤᠯᠬᠤ ᠶᠢᠨ ᠬᠠᠮᠲᠤ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ᠂ | ᠴᠡᠪᠡᠷ ᠡᠨᠧᠷᠭᠢ ᠵᠡᠷᠭᠡ ᠪᠣᠬᠢᠷᠲᠤᠯ ᠦᠭᠡᠢ ᠠᠵᠤ ᠦᠢᠯᠡᠰ ᠤᠨ ᠬᠥᠭᠵᠢᠯᠲᠡ ᠶᠢ ᠲᠠᠶᠢᠴᠢᠯᠠᠨ᠎ᠠ᠃ ᠭᠤᠷᠪᠠ ᠳᠤ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠬᠥᠲᠥᠯᠥᠨ ᠳᠠᠭᠠᠭᠤᠯᠬᠤ ᠬᠡᠷᠡᠭᠲᠠᠢ᠃ ᠬᠡᠷᠡᠭᠯᠡᠭᠴᠢᠳ ᠤᠨ ᠡᠳᠦᠷ ᠢᠷᠡᠬᠦᠶ᠎ᠡ ᠤᠯᠠᠨ ᠶᠠᠩᠵᠤ ᠶᠢᠨ ᠥᠪᠡᠷᠮᠢᠴᠡ ᠬᠡᠷᠡᠭᠯᠡᠭᠡ ᠶᠢᠨ ᠬᠡᠷᠡᠭᠴᠡᠭᠡ ᠶᠢ ᠬᠠᠩᠭᠠᠬᠤ ᠳᠤ | ᠰᠢᠨ᠎ᠡ ᠮᠡᠷᠭᠡᠵᠢᠯ ᠤᠨ ᠬᠥᠭᠵᠢᠯᠲᠡ ᠳᠤ ᠲᠦᠰᠢᠭᠯᠡᠨ᠂ ᠬᠡᠷᠡᠭᠯᠡᠭᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠡᠪ ᠵᠠᠭᠪᠤᠷ ᠰᠢᠨ᠎ᠡ ᠪᠠᠶᠢᠳᠠᠯ ᠲᠠᠢ | ᠤᠶᠠᠯᠳᠤᠭᠤᠯᠵᠤ᠂ ᠠᠵᠤ ᠦᠢᠯᠡᠰ ᠤᠨ ᠬᠤᠭᠤᠷᠣᠨᠳᠣᠬᠢ ᠰᠣᠯᠪᠢᠴᠠᠨ ᠨᠡᠪᠴᠢᠬᠦ᠂ ᠠᠵᠢᠯ ᠲᠦᠷᠦᠯ ᠠᠯᠤᠰᠯᠠᠨ ᠠᠭᠤᠰᠤᠯᠴᠠᠬᠤ ᠶᠢ ᠠᠬᠢᠭᠤᠯᠬᠤ ᠬᠡᠷᠡᠭᠲᠡᠢ᠂ ᠡᠨᠡ ᠨᠢ | ᠪᠠᠰᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠡᠷᠢᠭᠦᠨ ᠤ ᠦᠢᠯᠡᠳᠬᠦ ᠦᠢᠯᠡᠰ᠂ ᠤᠳᠤ ᠦᠶ᠎ᠡ ᠶᠢᠨ ᠲᠠᠷᠢᠶᠠᠯᠠᠩ ᠲᠠᠢ ᠭᠦᠨᠵᠡᠭᠡᠢ ᠠᠭᠤᠰᠤᠯᠴᠠᠭᠤᠯᠬᠤ | ᠢᠢ ᠠᠬᠢᠭᠤᠯᠬᠤ ᠳᠤ ᠠᠰᠢᠭᠲᠠᠢ ᠶᠤᠮ᠃ | ᠣᠳᠣᠬᠠᠨ ᠳᠤ᠂ ᠮᠠᠨ ᠤ ᠤᠯᠤᠰ ᠨᠢᠭᠡᠨᠲᠡ ᠬᠡᠷᠡᠭᠯᠡᠭᠡ ᠶᠢᠨ ᠲᠡᠰ ᠳᠠᠪᠰᠢᠯᠲᠠ ᠪᠠᠷ ᠠᠵᠤ ᠦᠢᠯᠡᠰ ᠤᠨ ᠲᠡᠰ ᠳᠠᠪᠰᠢᠯᠲᠠ ᠶᠢ ᠬᠥᠲᠥᠯᠥᠨ ᠳᠠᠭᠠᠭᠤᠯᠬᠤ ᠮᠠᠰᠢ | ᠤᠯᠠᠨ ᠠᠰᠢᠭᠲᠠᠢ ᠨᠥᠬᠦᠴᠡᠯ ᠢ ᠪᠦᠷᠢᠯᠳᠦᠭᠦᠯᠪᠡ᠃ ᠬᠠᠩᠭᠠᠯᠭ᠎ᠠ ᠬᠡᠷᠡᠭᠴᠡᠭᠡ ᠶᠢᠨ ᠬᠤᠶᠠᠷ ᠦᠵᠦᠭᠦᠷ ᠠᠴᠠ ᠵᠡᠷᠭᠡ ᠪᠠᠷ ᠬᠦᠴᠦᠯᠡᠵᠦ᠂ ᠵᠣᠬᠢᠴᠠᠭᠤᠯᠤᠨ | ᠬᠠᠮᠵᠢᠯᠴᠠᠬᠤ ᠶᠢ ᠪᠠᠷᠢᠮᠲᠠᠯᠠᠵᠤ᠂ ︽ᠬᠡᠷᠡᠭᠴᠡᠭᠡ ᠪᠠᠷ ᠬᠠᠩᠭᠠᠯᠭ᠎ᠠ ᠶᠢ ᠬᠥᠲᠥᠯᠥᠨ ᠳᠠᠭᠠᠭᠤᠯᠵᠤ᠂ ᠬᠠᠩᠭᠠᠯᠭ᠎ᠠ ᠪᠠᠷ ᠬᠡᠷᠡᠭᠴᠡᠭᠡ ᠱᠠᠭᠠᠷᠳᠠᠯᠭ᠎ᠠ ᠶᠢ ᠡᠭᠦᠳᠬᠦ︾ ᠰᠠᠶᠢᠨ | ᠣᠷᠴᠢᠯ ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ ᠡᠭᠦᠨ ᠳᠤ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠡᠷᠡᠭᠯᠡᠭᠡ ᠶᠢᠨ ᠳᠡᠰ | ᠳᠡᠪᠰᠢᠬᠦ ᠰᠠᠭᠤᠷᠢ ᠶᠢ ᠪᠠᠬᠢᠵᠢᠭᠦᠯᠬᠦ ᠪᠣᠯ ᠤᠷᠢᠲᠠᠯ ᠮᠦᠨ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ ᠶᠢ | ᠠᠬᠢᠭᠤᠯᠬᠤ᠂ ᠲᠥᠷᠥᠵᠦ ᠥᠰᠬᠡᠬᠦ᠂ ᠡᠮ ᠡᠮᠨᠡᠯᠭᠡ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ ᠵᠡᠷᠭᠡ ᠡᠯ᠎ᠡ ᠲᠥᠷᠥᠯ ᠤᠨ ᠪᠠᠲᠤᠯᠠᠭ᠎ᠠ ᠶᠢ ᠴᠢᠩᠭᠠᠳᠬᠠᠬᠤ | ᠲᠠᠯ᠎ᠠ ᠪᠠᠷ ᠬᠦᠴᠦ ᠲᠠᠯᠪᠢᠬᠤ ᠴᠢᠬᠤᠯᠠᠲᠠᠢ ᠶᠤᠮ᠃ ᠡᠭᠦᠨ ᠤ ᠬᠠᠮᠲᠤ᠂ ᠬᠡᠷᠡᠭᠯᠡᠭᠡ ᠶᠢᠨ ᠲᠡᠰ ᠲᠡᠪᠰᠢᠯᠳᠡ ᠶᠢᠨ ᠦᠷᠭᠦᠯᠵᠢᠯᠡᠬᠦ ᠴᠢᠨᠠᠷ ᠢ ᠪᠠᠲᠤᠯᠠᠬᠤ ᠳᠤ ᠠᠵᠤ | ᠦᠢᠯᠡᠰ ᠤᠨ ᠲᠡᠰ ᠲᠡᠪᠰᠢᠯᠳᠡ ᠶᠢ ᠴᠦ ᠵᠡᠷᠭᠡ ᠪᠠᠷ ᠪᠡᠶᠡᠯᠡᠭᠦᠯᠬᠦ ᠬᠡᠷᠡᠭᠲᠡᠢ᠃ ᠬᠡᠷᠡᠭᠯᠡᠭᠡ ᠶᠢᠨ ᠳᠡᠰ ᠳᠠᠪᠰᠢᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ | ᠦᠢᠯᠡᠳᠪᠦᠷᠢᠯᠡᠯ ᠤᠨ ᠵᠠᠭᠪᠤᠷ ᠪᠠ ᠠᠵᠤ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ | ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠰᠢᠨ᠎ᠡ ᠮᠡᠷᠭᠡᠵᠢᠯ ᠬᠡᠷᠡᠭᠯᠡᠬᠦ ᠪᠠᠷ ᠳᠠᠮᠵᠢᠵᠤ᠂ ᠲᠥᠷᠥᠯ ᠲᠡᠮᠳᠡᠭᠲᠦ ᠶᠢᠨ ᠳᠦᠷᠢ ᠲᠥᠷᠬᠦ ᠪᠠ | ᠦᠢᠯᠡᠳᠬᠦᠨ ᠤ ᠭᠤᠣᠯᠯᠠᠬᠤ ᠥᠷᠢᠰᠦᠯᠳᠦᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠪᠠᠷ ᠶᠡᠭᠡ ᠮᠥᠷᠲᠡᠭᠡᠨ | ᠳᠠᠶᠢᠴᠢᠯᠠᠬᠤ ᠬᠦᠴᠦᠨ ᠢᠶᠠᠷ ᠴᠢᠩᠭ᠎ᠠ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠵᠦ᠂ ᠴᠢᠨᠠᠷ ᠰᠠᠶᠢᠲᠠᠢ ᠬᠡᠷᠡᠭᠯᠡᠭᠡ ᠶᠢᠨ ᠵᠦᠢᠯ | ᠪᠠ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠥᠷᠭᠡᠳᠬᠡᠬᠦ ᠬᠡᠷᠡᠭᠲᠠᠢ᠃ ᠡᠭᠦᠨ ᠠᠴᠠ ᠭᠠᠳᠠᠨ᠎ᠠ᠂ ᠬᠡᠷᠡᠭᠯᠡᠭᠡ ᠶᠢᠨ ᠲᠠᠰ ᠳᠠᠪᠰᠢᠯᠲᠠ ᠪᠠ ᠠᠵᠤ ᠦᠢᠯᠡᠰ ᠤᠨ | ᠲᠠᠰ ᠳᠠᠪᠰᠢᠯᠲᠠ ᠶᠢᠨ ᠣᠷᠴᠢᠯ ᠤᠨ ᠬᠠᠷᠢᠯᠴᠠᠨ ᠠᠬᠢᠭᠤᠯᠬᠤ ᠶᠢ ᠪᠡᠶᠡᠯᠡᠭᠦᠯᠬᠦ ᠳᠤ ᠰᠠᠶᠢᠨ ᠰᠠᠶᠢᠬᠠᠨ ᠣᠷᠴᠢᠨ ᠠᠬᠤᠢ ᠶᠢᠨ ᠪᠠᠲᠤᠯᠠᠭ᠎ᠠ ᠠᠴᠠ ᠰᠠᠯᠵᠤ ᠴᠢᠳᠠᠬᠤ | ᠦᠭᠡᠢ ᠶᠤᠮ᠃ ᠬᠤᠲᠠ ᠬᠥᠳᠡᠭᠡ ᠶᠢᠨ ᠬᠡᠷᠡᠭᠯᠡᠭᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠡᠷᠡᠭᠯᠡᠭᠡ ᠶᠢᠨ ᠰᠢᠨ᠎ᠡ ᠪᠠᠶᠢᠳᠠᠯ ᠢ | ᠢᠳᠡᠪᠬᠢᠲᠡᠢ ᠪᠣᠶ ᠪᠣᠯᠭᠠᠬᠤ ᠶᠢᠨ ᠬᠠᠮᠲᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠲᠠᠰᠤᠷᠠᠯᠲᠠ ᠦᠭᠡᠢ ᠪᠠᠭᠤᠷᠠᠭᠤᠯᠬᠤ ᠶᠢᠨ ᠬᠠᠮᠲᠤ | ᠬᠢᠵᠠᠭᠠᠷᠯᠠᠯ ᠢ ᠦᠷᠭᠦᠯᠵᠢᠯᠡᠨ ᠪᠠᠭᠠᠰᠬᠠᠵᠤ᠂ ᠨᠡᠭᠡᠭᠡᠯᠲᠡ ᠶᠢ ᠥᠷᠭᠡᠳᠬᠡᠨ᠂ ᠬᠡᠷᠡᠭᠯᠡᠭᠡ ᠶᠢᠨ ᠲᠠᠰ ᠳᠠᠪᠰᠢᠯᠲᠠ ᠪᠠᠷ ᠠᠵᠤ ᠦᠢᠯᠡᠰ ᠤᠨ ᠲᠠᠰ ᠳᠠᠪᠰᠢᠯᠲᠠ ᠶᠢ | ᠬᠥᠲᠥᠯᠥᠨ ᠳᠠᠭᠠᠭᠤᠯᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠴᠦ᠂ ᠬᠠᠩᠭᠠᠯᠭ᠎ᠠ ᠬᠡᠷᠡᠭᠴᠡᠭᠡ ᠶᠢᠨ ᠪᠦᠲᠦᠮᠵᠢᠲᠡᠶ ᠵᠣᠬᠢᠴᠠᠯᠳᠤᠬᠤ ᠶᠢ ᠠᠬᠢᠭᠤᠯᠵᠤ᠂ | ᠠᠵᠤ ᠠᠬᠤᠢ ᠶᠢᠨ ᠰᠠᠶᠢᠨ ᠣᠷᠴᠢᠯ ᠢ ᠪᠣᠶ ᠪᠣᠯᠭᠠᠬᠤ ᠴᠢᠬᠤᠯᠠᠲᠠᠢ ᠶᠤᠮ᠃ | ︵ᠵᠣᠬᠢᠶᠠᠭᠴᠢ ᠶᠢᠨ ᠬᠠᠶ᠋ᠢᠭ᠄ ᠳᠤᠮᠳᠠᠳᠤ ᠤᠯᠤᠰ ᠤᠨ ᠬᠤᠷᠸ᠎ᠠ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠳᠡᠳ᠋ ᠰᠤᠳᠤᠯᠤᠭᠴᠢ︶ | | |