ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠦᠨᠳᠦᠰᠦᠨ ᠱᠠᠲᠤᠨ ᠳᠤ ᠰᠠᠶᠢᠲᠤᠷ ᠲᠤᠭᠤᠰᠢᠯᠠᠭᠤᠯᠤᠶ᠎ᠠ
ᠨᠡᠶᠢᠲᠡᠯᠡᠭᠰᠡᠨ ᠴᠠᠭ᠄
2025/5/26
      ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠦᠨᠳᠦᠰᠦᠨ ᠱᠠᠲᠤᠨ ᠳᠤ ᠲᠤᠭᠤᠰᠢᠯᠠᠭᠤᠯᠬᠤ ᠨᠢ ᠨᠢᠭᠡᠨ ᠰᠢᠰᠲ᠋ᠧᠮᠲᠦ ᠢᠨᠵᠧᠨᠧᠷᠢᠩ ᠮᠥᠨ ᠪᠦᠭᠡᠳ ᠡᠷᠭᠡᠪᠰᠢ ᠪᠦᠬᠦ ᠲᠠᠯ᠎ᠠ ᠪᠠᠷ ᠠᠬᠢᠭᠤᠯᠬᠤ ᠴᠢᠬᠤᠯᠠᠲᠠᠢ᠃ ᠣᠢᠢᠷ᠎ᠠ ᠶᠢᠨ ᠵᠢᠯ ᠤᠳ ᠤᠨ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠨᠢ ᠮᠠᠰᠢ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ᠃ ᠣᠯᠠᠨ ᠵᠦᠯ ᠤᠨ ᠬᠡᠯᠪᠡᠷᠢ ᠶᠢᠨ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ᠂ ᠵᠢᠱᠢᠶᠡᠯᠡᠪᠡᠯ᠂ ᠨᠡᠶᠢᠭᠡᠮ ᠲᠣᠭᠤᠷᠢᠭ ᠤᠨ ᠬᠠᠤᠯᠢ ᠴᠠᠭᠠᠵᠠ ᠶᠢᠨ ᠲᠠᠶᠢᠯᠤᠮᠵᠢ᠂ ᠬᠥᠳᠡᠭᠡ ᠲᠣᠰᠬᠤᠨ ᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠪᠤᠯᠤᠩ ᠵᠢᠴᠢ ᠰᠦᠯᠵᠢᠶᠡᠨ ᠳᠡᠭᠡᠷᠡᠬᠢ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠵᠡᠷᠭᠡ ᠪᠠᠷ ᠳᠠᠮᠵᠢᠭᠤᠯᠤᠨ᠂ ᠥᠷᠭᠡᠨ ᠣᠯᠠᠨ ᠦᠨᠳᠦᠰᠦᠨ ᠱᠠᠲᠤᠨ ᠤ ᠠᠷᠠᠳ ᠣᠯᠠᠨ ᠤ ᠬᠠᠤᠯᠢ ᠴᠠᠭᠠᠵᠠ ᠶᠢᠨ ᠲᠤᠬᠠᠶ ᠣᠢᠢᠯᠠᠭᠠᠯᠲᠠ ᠶᠢ ᠶᠡᠭᠡ ᠪᠠᠷ ᠨᠡᠮᠡᠭᠳᠡᠭᠦᠯᠵᠡᠢ᠃ ᠡᠭᠦᠨ ᠤ ᠨᠥᠯᠦᠭᠡ ᠠᠴᠠ ᠠᠷᠠᠳ ᠲᠦᠮᠡᠨ ᠡᠳᠦᠷ ᠲᠤᠲᠤᠮ ᠤᠨ ᠠᠮᠢᠳᠤᠷᠠᠯ ᠳᠠᠭᠠᠨ ᠬᠠᠤᠯᠢ ᠴᠠᠭᠠᠵᠠ ᠶᠢᠨ ᠴᠢᠬᠤᠯᠠ ᠴᠢᠨᠠᠷ ᠢ ᠠᠭᠠᠵᠢᠮ ᠢᠶᠠᠷ ᠤᠬᠠᠮᠰᠠᠷᠯᠠᠬᠤ ᠶᠢᠨ ᠬᠠᠮᠲᠤ ᠥᠪᠡᠷ ᠤᠨ ᠡᠷᠬᠡ ᠠᠰᠢᠭ ᠲᠠᠢ ᠪᠠᠨ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠶᠢ ᠰᠤᠷᠤᠯᠴᠠᠵᠤ ᠡᠬᠢᠯᠡᠵᠡᠢ᠃ ᠦᠨᠳᠣᠰᠣᠡ ᠱᠠᠳᠣᠨ ᠤ ᠡᠶᠡᠳᠡᠬᠦᠯᠭᠡ ᠶᠢᠨ ᠵᠤᠬᠢᠶᠡᠨ ᠪᠠᠶᠢᠭᠤᠯᠥᠯᠳᠡ ᠶᠢ ᠳᠠᠰᠣᠷᠡᠯᠳᠡ ᠦᠭᠡᠢ ᠳᠡᠬᠦᠯᠳᠡᠷᠵᠢᠬᠦᠯᠵᠦ᠂ ᠲᠤᠰᠬᠠᠢ ᠪᠤᠯᠪᠠᠰᠤᠷᠠᠯ ᠬᠦᠷᠲᠡᠭᠰᠡᠨ ᠠᠷᠠᠳ ᠤᠨ ᠡᠶᠡᠳᠡᠬᠦᠯᠥᠭᠴᠢ ᠬᠠᠦᠯᠢ ᠴᠠᠭᠠᠵᠠ ᠪᠠᠷ ᠠᠷᠡᠳ ᠤᠨ ᠬᠤᠭᠤᠷᠣᠨᠳᠣᠬᠢ ᠵᠠᠭᠤᠷᠡᠯᠳᠣᠭᠠᠨ ᠢ ᠴᠠᠭ ᠲᠣᠬᠠᠢ ᠳᠤᠨᠢ ᠰᠶᠢᠳᠪᠦᠷᠢᠯᠡᠵᠦ᠂ ᠦᠨᠳᠣᠰᠣᠡ ᠱᠠᠳᠣᠨ ᠤ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠤᠭᠰᠠᠨ ᠪᠠᠶᠢᠨ᠎ᠠ᠃       ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠠᠢ      ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠳᠤ ᠪᠠᠲᠤ ᠴᠢᠩᠭ᠎ᠠ ᠳᠠᠶᠢᠴᠢᠨ ᠪᠠᠬᠢᠯᠡᠯᠲᠡ ᠶᠢᠨ ᠦᠢᠯᠡᠳᠦᠯ ᠦᠵᠡᠭᠦᠯᠳᠡᠭ᠃ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠦᠨᠳᠦᠰᠦᠨ ᠱᠠᠲᠤᠨ ᠳᠤ ᠦᠨᠡᠨ ᠬᠦ ᠲᠤᠭᠤᠰᠢᠯᠠᠭᠤᠯᠬᠤ ᠪᠠ ᠪᠦᠲᠦᠮᠵᠢᠲᠡᠢ ᠬᠡᠷᠡᠭᠵᠢᠭᠦᠯᠬᠦ ᠶᠢ ᠪᠠᠲᠤᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠳᠤ ᠪᠠᠲᠤ ᠪᠠᠬᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠲᠥᠪᠯᠡᠷᠡᠭᠦᠯᠦᠨ ᠰᠤᠷᠤᠯᠴᠠᠬᠤ᠂ ᠲᠤᠰᠬᠠᠢ ᠰᠡᠳᠦᠪᠲᠦ ᠰᠤᠷᠤᠯᠴᠠᠯᠭ᠎ᠠ ᠦᠷᠨᠢᠭᠦᠯᠬᠦ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠭᠦᠨᠵᠡᠭᠡᠶ ᠰᠤᠷᠤᠯᠴᠠᠵᠤ᠂ ᠲᠡᠭᠦᠨ ᠤ ᠦᠵᠡᠯᠲᠡ ᠵᠢᠴᠢ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠤ᠂ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠤᠳᠤᠷᠢᠳᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠥᠯᠥᠪᠵᠢᠭᠦᠯᠭᠡ ᠪᠣᠯᠤᠨ ᠬᠠᠷᠠᠯᠲᠠ ᠶᠢᠨ ᠬᠢᠨᠠᠨ ᠰᠢᠯᠭᠠᠯᠲᠠ ᠳᠤ ᠣᠷᠣᠭᠤᠯᠵᠤ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠢᠢᠯᠠᠵᠤ᠂ ᠡᠯ᠎ᠡ ᠵᠦᠢᠯ ᠤᠨ ᠬᠠᠤᠯᠢ ᠪᠠᠷ ᠵᠠᠰᠠᠬᠤ ᠠᠵᠢᠯ ᠤᠨ ᠡᠭᠦᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠪᠠᠲᠤᠯᠠᠬᠤ ᠴᠢᠬᠤᠯᠠᠲᠠᠢ᠃       ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠬᠤ ᠬᠡᠷᠡᠭᠲᠠᠢ       ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠢᠷᠭᠡᠨ ᠤ ᠬᠠᠤᠯᠢ ᠶᠢᠨ ᠪᠢᠴᠢᠭ᠂ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠤᠯᠢ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ᠵᠡᠷᠭᠡ ᠮᠠᠯᠴᠢᠨ ᠲᠠᠷᠢᠶᠠᠴᠢᠨ ᠤ ᠡᠷᠬᠡ ᠠᠰᠢᠭ᠂ ᠠᠵᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠲᠦᠷᠢᠮ ᠲᠣᠭᠲᠠᠭᠠᠯ ᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠥᠷᠨᠢᠭᠦᠯᠵᠦ᠂ ᠨᠡᠶᠢᠭᠡᠮ ᠵᠢᠷᠤᠮᠲᠤ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠡᠷᠡᠭᠲᠡᠢ᠃ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠬᠠᠤᠯᠢ ᠴᠠᠭᠠᠵᠠ ᠶᠢᠨ ᠮᠡᠳᠡᠯᠭᠡ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠤᠨ᠂ ᠬᠠᠤᠯᠢ ᠴᠠᠭᠠᠵᠠ ᠶᠢᠨ ᠮᠡᠷᠭᠡᠵᠢᠯᠲᠡᠨ ᠢ ᠤᠷᠢᠵᠤ ᠲᠤᠬᠠᠶ ᠶᠢᠨ ᠭᠠᠵᠠᠷ ᠲᠤ ᠪᠤᠯᠵᠤ ᠥᠩᠭᠡᠷᠡᠭᠰᠡᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠦᠨᠵᠡᠭᠡᠶ ᠪᠥᠭᠡᠳ ᠣᠢᠢᠯᠠᠭᠠᠮᠵᠢᠲᠠᠶ ᠲᠠᠶᠢᠯᠤᠮᠵᠢ ᠬᠢᠯᠭᠡᠵᠦ᠂ ᠣᠯᠠᠨ ᠲᠦᠮᠡᠨ ᠤ ᠠᠮᠢᠳᠤᠷᠠᠯ ᠤᠨ ᠳᠤᠮᠳᠠ ᠲᠤᠯᠭᠠᠷᠠᠭᠰᠠᠨ ᠬᠠᠤᠯᠢ ᠴᠠᠭᠠᠵᠠ ᠶᠢᠨ ᠠᠰᠠᠭᠤᠳᠠᠯ ᠳᠤ ᠵᠥᠪᠯᠡᠯᠭᠡ ᠥᠭᠴᠦ᠂ ᠦᠨᠳᠦᠰᠦᠨ ᠱᠠᠲᠤᠨ ᠤ ᠣᠯᠠᠨ ᠲᠦᠮᠡᠨ ᠤ ᠬᠠᠤᠯᠢ ᠴᠠᠭᠠᠵᠠ ᠶᠢᠨ ᠬᠡᠪ ᠪᠣᠯᠪᠠᠰᠤᠷᠠᠯ ᠪᠠ ᠬᠠᠤᠯᠢ ᠶᠣᠰᠣᠭᠠᠷ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃       ᠬᠠᠤᠯᠢ ᠪᠠᠷ ᠵᠠᠰᠠᠬᠤ ᠬᠥᠮᠦᠵᠢᠯ ᠬᠢᠭᠡᠳ ᠤᠬᠠᠭᠤᠯᠭ᠎ᠠ ᠶᠢ ᠴᠢᠩᠭᠠᠳᠬᠠᠬᠤ ᠳᠤ ᠰᠢᠨ᠎ᠡ ᠶᠢ ᠡᠭᠦᠳᠬᠦ ᠪᠣᠯ ᠵᠠᠩᠭᠢᠯᠠᠭ᠎ᠠ ᠶᠤᠮ᠃ ᠣᠲᠣ ᠦᠶ᠎ᠡ ᠶᠢᠨ ᠣᠯᠠᠨ ᠵᠠᠭᠤᠴᠢᠯᠠᠭᠤᠷ ᠤᠨ ᠮᠡᠷᠭᠡᠵᠢᠯ ᠢ ᠠᠰᠢᠭᠯᠠᠵᠤ ᠪᠣᠯᠤᠨ᠎ᠠ᠂ ᠵᠢᠱᠢᠶᠡᠯᠡᠪᠡᠯ᠂ ᠠᠮᠢᠳᠤᠯᠢᠭ ᠪᠥᠭᠡᠳ ᠰᠣᠨᠢᠷᠬᠠᠯᠲᠠᠶ ᠬᠠᠤᠯᠢ ᠪᠠᠷ ᠵᠠᠰᠠᠬᠤ ᠣᠬᠤᠷ ᠸᠢᠳᠢᠣ᠋ ᠶᠢ ᠦᠢᠯᠡᠳᠴᠦ᠂ ᠨᠡᠶᠢᠭᠡᠮ ᠲᠣᠭᠤᠷᠢᠭ ᠤᠨ ᠶᠡᠭᠡ ᠳᠡᠯᠭᠡᠴᠡ᠂ ᠬᠥᠳᠡᠭᠡ ᠲᠣᠰᠬᠤᠨ ᠤ ᠷᠠᠳᠢᠣ᠋ ᠨᠡᠪᠲᠡᠷᠡᠭᠦᠯᠭᠡ ᠵᠢᠴᠢ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠲᠠᠪᠴᠠᠩ ᠵᠡᠷᠭᠡ ᠣᠯᠠᠨ ᠠᠷᠭ᠎ᠠ ᠵᠠᠮ ᠢᠶᠠᠷ ᠳᠠᠮᠵᠢᠭᠤᠯᠤᠨ ᠨᠡᠪᠲᠡᠷᠡᠭᠦᠯᠵᠦ᠂ ᠬᠠᠤᠯᠢ ᠪᠠᠷ ᠵᠠᠰᠠᠬᠤ ᠮᠡᠳᠡᠯᠭᠡ ᠶᠢ ᠲᠥᠬᠦᠮ ᠣᠢᠢᠯᠠᠭᠠᠮᠵᠢᠲᠠᠶ ᠪᠥᠭᠡᠳ ᠬᠥᠮᠦᠨ ᠤ ᠠᠩᠬᠠᠷᠤᠯ ᠢ ᠲᠠᠲᠠᠬᠤ ᠠᠷᠭ᠎ᠠ ᠮᠠᠶ᠋ᠢᠭ ᠢᠶᠠᠷ ᠦᠨᠳᠦᠰᠦᠨ ᠱᠠᠲᠤᠨ ᠤ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠤᠨ᠎ᠠ᠃ ᠬᠠᠤᠯᠢ ᠪᠠᠷ ᠵᠠᠰᠠᠬᠤ ᠤᠷᠠᠨ ᠰᠠᠶᠢᠬᠠᠨ ᠤ ᠲᠣᠭᠯᠠᠯᠲᠠ ᠶᠢ ᠥᠷᠨᠢᠭᠦᠯᠵᠦ᠂ ᠬᠠᠤᠯᠢ ᠪᠠᠷ ᠵᠠᠰᠠᠬᠤ ᠥᠯᠢᠭᠡᠷ ᠢ ᠱᠤᠭ ᠵᠦᠴᠦᠭᠡ᠂ ᠳᠠᠭᠤᠤ ᠪᠦᠵᠢᠭ ᠵᠡᠷᠭᠡ ᠬᠡᠯᠪᠡᠷᠢ ᠳᠤ ᠠᠭᠤᠰᠬᠠᠵᠤ᠂ ᠵᠤᠭ᠎ᠠ ᠴᠡᠩᠭᠡᠯ ᠤᠨ ᠬᠡᠯᠪᠡᠷᠢ ᠪᠠᠷ ᠳᠠᠮᠵᠢᠭᠤᠯᠤᠨ ᠣᠯᠠᠨ ᠲᠦᠮᠡᠨ ᠳᠤ ᠬᠠᠤᠯᠢ ᠪᠠᠷ ᠵᠠᠰᠠᠬᠤ ᠨᠥᠯᠥᠭᠡ ᠬᠦᠷᠲᠡᠭᠡᠵᠠᠢ᠃      ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠶᠢ ᠦᠨᠡᠨ ᠬᠦ ᠳᠦᠷᠢᠮᠵᠢᠭᠦᠯᠬᠦ ᠬᠡᠷᠡᠭᠲᠠᠢ       ᠶᠡᠷᠦᠩᠬᠡᠶ ᠱᠦᠵᠢ ᠰᠢ ᠶᠢᠨ ᠫᠢᠩ᠄ ︽ᠬᠠᠤᠯᠢ ᠪᠠᠷ ᠵᠠᠰᠠᠬᠤ ᠠᠵᠢᠯ ᠪᠣᠯ ᠤᠯᠤᠰ ᠲᠥᠷᠥ ᠶᠢᠨ ᠴᠢᠨᠠᠷ ᠢᠶᠠᠷ ᠮᠠᠰᠢ ᠴᠢᠩᠭ᠎ᠠ ᠲᠤᠬᠠᠢᠢᠯᠠᠭᠰᠠᠨ ᠠᠵᠢᠯ ᠮᠥᠨ᠂ ᠪᠠᠰᠠ ᠴᠤ ᠲᠤᠬᠠᠢᠢᠯᠠᠭᠰᠠᠨ ᠠᠵᠢᠯ ᠤᠨ ᠴᠢᠨᠠᠷ ᠢᠶᠠᠷ ᠮᠠᠰᠢ ᠴᠢᠩᠭ᠎ᠠ ᠤᠯᠤᠰ ᠲᠥᠷᠥ ᠶᠢᠨ ᠠᠵᠢᠯ ᠮᠥᠨ︾ ᠭᠡᠵᠦ ᠵᠢᠭᠠᠵᠤ ᠭᠠᠷᠭᠠᠪᠠ᠃ ᠪᠢᠳᠡ ᠡᠷᠬᠡᠪᠰᠢ ᠬᠠᠤᠯᠢ ᠬᠡᠷᠡᠭᠵᠢᠭᠦᠯᠬᠦ ᠠᠵᠢᠯ ᠤᠨ ᠡᠩᠨᠡᠭᠡᠨ ᠤ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ᠂ ᠲᠤᠬᠠᠢᠢᠯᠠᠭᠰᠠᠨ ᠠᠵᠢᠯ ᠤᠨ ᠴᠢᠳᠠᠪᠤᠷᠢ᠂ ᠡᠷᠬᠢᠯᠡᠭᠰᠡᠨ ᠠᠵᠢᠯ ᠤᠨ ᠶᠣᠰᠣ ᠰᠤᠷᠲᠠᠬᠤᠨ ᠤ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠬᠦ ᠬᠡᠷᠡᠭᠲᠡᠶ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠰᠤᠷᠤᠯᠴᠠᠯᠭ᠎ᠠ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠦᠨᠳᠦᠰᠦᠨ ᠱᠠᠲᠣᠨ ᠤ ᠤᠯᠤᠰ ᠲᠦᠷᠦ ᠶᠢᠨ ᠣᠷᠴᠢᠨ ᠠᠬᠤᠶ ᠶᠢ ᠪᠤᠢ ᠪᠤᠯᠭᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠰᠬᠠᠶ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠠᠢᠢᠯᠠᠭᠰᠠᠨ ᠠᠵᠢᠯ ᠤᠨ ᠰᠤᠷᠭᠠᠯᠲᠠ ᠳᠤ ᠣᠷᠣᠯᠴᠠᠭᠤᠯᠵᠤ᠂ ᠬᠠᠮᠤᠭ ᠤᠨ ᠰᠢᠨ᠎ᠡ ᠬᠠᠤᠯᠢ ᠲᠦᠷᠢᠮ ᠬᠠᠤᠯᠢ ᠲᠣᠭᠲᠠᠭᠠᠯ᠂ ᠬᠠᠤᠯᠢ ᠬᠡᠷᠡᠭᠵᠢᠭᠦᠯᠬᠦ ᠵᠢᠷᠤᠮᠵᠢᠯ ᠵᠡᠷᠭᠡ ᠮᠡᠳᠡᠯᠭᠡ ᠶᠢ ᠰᠤᠷᠤᠯᠴᠠᠭᠤᠯᠬᠤ ᠶᠢᠨ ᠬᠠᠮᠲᠤ ᠪᠤᠳᠠᠲᠠᠢ ᠬᠡᠷᠡᠭ ᠤᠨ ᠵᠢᠱᠢᠶ᠎ᠡ ᠶᠢ ᠵᠠᠳᠠᠯᠤᠨ ᠰᠤᠳᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠡᠳᠡᠨ ᠤ ᠪᠣᠳᠠᠲᠠᠶ ᠠᠵᠢᠯ ᠤᠨ ᠳᠤᠮᠳᠠᠬᠢ ᠠᠷᠭᠠᠴᠠᠭᠠᠬᠤ ᠴᠢᠳᠠᠪᠤᠷᠢ ᠪᠠ ᠬᠠᠤᠯᠢ ᠬᠡᠷᠡᠭᠵᠢᠭᠦᠯᠬᠦ ᠲᠦᠪᠰᠢᠨ ᠢ ᠳᠡᠭᠡᠭᠰᠢᠯᠡᠭᠦᠯᠦᠨ᠎ᠡ᠃ ᠴᠢᠳᠠᠪᠤᠷᠢᠲᠠᠨ ᠤ ᠰᠣᠯᠢᠯᠴᠠᠭᠠᠨ ᠤ ᠲᠣᠭᠲᠠᠴᠠ ᠶᠢ ᠪᠠᠶᠢᠭᠤᠯᠵᠤ᠂ ᠠᠳᠠᠯᠢ ᠪᠤᠰᠤ ᠭᠠᠵᠠᠷ ᠣᠷᠣᠨ ᠤ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠳ ᠤᠨ ᠬᠤᠭᠤᠷᠣᠨᠳᠣᠬᠢ ᠰᠣᠯᠢᠯᠴᠠᠭ᠎ᠠ ᠰᠤᠷᠤᠯᠴᠠᠯᠭ᠎ᠠ ᠶᠢ ᠠᠬᠢᠭᠤᠯᠵᠤ᠂ ᠠᠵᠢᠯ ᠤᠨ ᠲᠤᠷᠰᠢᠯᠭ᠎ᠠ ᠪᠠᠨ ᠬᠤᠪᠢᠶᠠᠯᠴᠠᠨ ᠬᠠᠮᠲᠤ ᠪᠠᠷ ᠰᠤᠷᠤᠯᠴᠠᠬᠤ ᠶᠢ ᠤᠷᠢᠶᠠᠯᠠᠨ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠳ ᠤᠨ ᠶᠡᠷᠦᠩᠬᠡᠢ ᠲᠦᠪᠰᠢᠨ ᠢ ᠲᠡᠭᠡᠭᠰᠢᠯᠡᠭᠦᠯᠦᠨ᠎ᠡ᠃       ᠦᠨᠳᠦᠰᠦᠨ ᠱᠠᠲᠤᠨ ᠤ ᠬᠠᠤᠯᠢ ᠲᠣᠭᠲᠠᠭᠠᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠠᠢ       ᠬᠠᠤᠯᠢ ᠲᠣᠭᠲᠠᠭᠠᠯ ᠨᠢ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠡᠰᠢᠯᠡᠯ ᠬᠠᠩᠭᠠᠳᠠᠭ ᠤᠴᠢᠷ ᠠᠴᠠ ᠦᠨᠳᠦᠰᠦᠨ ᠱᠠᠲᠤᠨ ᠤ ᠬᠠᠤᠯᠢ ᠲᠣᠭᠲᠠᠭᠠᠬᠤ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠬᠡᠷᠡᠭᠲᠡᠢ᠃ ᠡᠭᠦᠨ ᠳᠤ᠂ ᠶᠠᠭᠤᠨ ᠤ ᠡᠮᠦᠨ᠎ᠡ ᠬᠠᠤᠯᠢ ᠲᠣᠭᠲᠠᠭᠠᠯ ᠤᠨ ᠰᠢᠰᠲ᠋ᠧᠮᠲᠦ ᠴᠢᠨᠠᠷ ᠪᠠ ᠵᠣᠬᠢᠴᠠᠭᠤᠯᠬᠤ ᠴᠢᠨᠠᠷ ᠢ ᠴᠢᠩᠭᠠᠳᠬᠠᠬᠤ ᠬᠡᠷᠡᠭᠲᠡᠢ᠃ ᠦᠨᠳᠦᠰᠦᠨ ᠱᠠᠲᠤᠨ ᠤ ᠬᠠᠤᠯᠢ ᠲᠣᠭᠲᠠᠭᠠᠬᠤ ᠶᠢ ᠳᠡᠭᠡᠳᠦ ᠱᠠᠲᠤᠨ ᠤ ᠬᠠᠤᠯᠢ ᠲᠣᠭᠲᠠᠭᠠᠯ ᠵᠢᠴᠢ ᠪᠤᠰᠤᠳ ᠬᠤᠯᠪᠣᠭᠳᠠᠯ ᠪᠦᠬᠦᠢ ᠬᠠᠤᠯᠢ ᠲᠦᠷᠢᠮ ᠬᠠᠤᠯᠢ ᠲᠣᠭᠲᠠᠭᠠᠯ ᠲᠠᠢ ᠠᠪᠴᠠᠯᠳᠤᠬᠤ ᠶᠢ ᠴᠢᠬᠤᠯᠠᠴᠢᠯᠠᠵᠤ᠂ ᠬᠠᠤᠯᠢ ᠲᠣᠭᠲᠠᠭᠠᠯ ᠤᠨ ᠬᠤᠭᠤᠷᠣᠨᠳᠣᠬᠢ ᠬᠠᠷᠰᠢᠯᠳᠤᠯ ᠭᠠᠷᠬᠤ ᠠᠴᠠ ᠵᠠᠶᠢᠯᠠᠰᠬᠢᠵᠦ᠂ ᠬᠠᠤᠯᠢ ᠴᠠᠭᠠᠵᠠ ᠶᠢᠨ ᠰᠢᠰᠲ᠋ᠧᠮ ᠤᠨ ᠵᠣᠬᠢᠴᠠᠩᠭᠤᠶ ᠪᠥᠭᠡᠳ ᠨᠢᠭᠡᠳᠦᠯᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠬᠠᠤᠯᠢ ᠲᠣᠭᠲᠠᠭᠠᠯ ᠤᠨ ᠢᠯᠡ ᠲᠣᠳᠣ ᠴᠢᠨᠠᠷ ᠪᠠ ᠬᠡᠷᠡᠭᠵᠢᠭᠦᠯᠦᠭᠦᠰᠢᠲᠡᠢ ᠴᠢᠨᠠᠷ ᠢ ᠪᠠᠲᠤᠯᠠᠬᠤ ᠶᠢᠨ ᠬᠠᠮᠲᠤ ᠲᠣᠭᠲᠠᠭᠠᠭᠰᠠᠨ ᠬᠠᠤᠯᠢ ᠲᠣᠭᠲᠠᠭᠠᠯ ᠨᠢ ᠵᠥᠪ ᠣᠨᠣᠪᠴᠢᠲᠠᠢ᠂ ᠵᠦᠢᠯ ᠵᠤᠷᠪᠤᠰ ᠤᠨ ᠠᠭᠤᠯᠭ᠎ᠠ ᠨᠢ ᠲᠣᠳᠤᠷᠬᠠᠢ ᠪᠠᠶᠢᠬᠤ ᠶᠢ ᠴᠢᠬᠤᠯᠠᠴᠢᠯᠠᠬᠤ ᠬᠡᠷᠡᠭᠲᠡᠢ᠃ ᠬᠠᠤᠯᠢ ᠲᠣᠭᠲᠠᠭᠠᠯ ᠤᠨ ᠵᠦᠢᠯ ᠵᠣᠷᠪᠤᠰ ᠨᠢ ᠠᠯᠢ ᠴᠢᠳᠠᠬᠤ ᠪᠠᠷ ᠠᠭᠤᠯᠭ᠎ᠠ ᠲᠣᠳᠤᠷᠬᠠᠢ ᠪᠦᠭᠡᠳ ᠤᠶᠢᠯᠠᠭᠠᠮᠵᠢᠲᠠᠢ᠂ ᠡᠷᠬᠡ ᠡᠭᠦᠷᠭᠡ ᠶᠢᠨ ᠬᠠᠷᠢᠴᠠᠭ᠎ᠠ ᠪᠠ ᠪᠣᠳᠠᠲᠠᠶ ᠠᠵᠢᠯᠯᠠᠬᠤ ᠶᠠᠪᠤᠴᠠ ᠶᠢ ᠲᠣᠳᠣᠷᠬᠠᠢᠢᠯᠠᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠪᠠ ᠣᠯᠠᠨ ᠲᠦᠮᠡᠨ ᠤ ᠣᠢᠢᠯᠠᠭᠠᠬᠤ ᠪᠠ ᠬᠡᠷᠡᠭᠵᠢᠭᠦᠯᠬᠦ ᠳᠤ ᠲᠥᠬᠦᠮ ᠬᠠᠩᠭᠠᠬᠤ ᠬᠡᠷᠡᠭᠲᠡᠶ᠃       ᠶᠡᠷᠦᠩᠬᠡᠶᠢᠯᠡᠪᠡᠯ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠨᠢ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠰᠠᠭᠤᠷᠢᠯᠠᠬᠤ ᠴᠢᠨᠠᠷᠲᠠᠶ ᠪᠠᠶᠢᠷᠢ ᠰᠠᠭᠤᠷᠢ ᠶᠢ ᠡᠵᠡᠯᠡᠳᠡᠭ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠪᠠᠷ ᠳᠠᠮᠵᠢᠭᠤᠯᠤᠨ᠂ ᠡᠯ᠎ᠡ ᠭᠠᠵᠠᠷ ᠤᠨ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠨᠢ ᠨᠡᠩ ᠳᠣᠪᠤᠶᠢᠮ᠎ᠠ ᠠᠮᠵᠢᠯᠲᠠ ᠣᠯᠬᠤ ᠨᠢ ᠳᠠᠮᠵᠢᠭ ᠦᠭᠡᠢ ᠶᠤᠮ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠦᠷᠨᠢᠭᠦᠯᠬᠦ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠶᠢ ᠳᠦᠷᠢᠮᠵᠢᠭᠦᠯᠬᠦ᠂ ᠵᠥᠷᠢᠴᠡᠯ ᠵᠠᠭᠤᠷᠠᠯᠳᠤᠭᠠᠨ ᠢ ᠣᠯᠠᠨ ᠡᠰᠢᠵᠢᠭᠦᠯᠦᠨ ᠰᠶᠢᠳᠪᠦᠷᠢᠯᠡᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠬᠦ ᠵᠡᠷᠭᠡ ᠨᠢ ᠴᠥᠮ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠡᠭᠦᠷᠭᠡ ᠶᠤᠮ᠃ ᠭᠡᠪᠡᠴᠦ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠮᠥᠨ ᠯᠡ ᠮᠠᠰᠢ ᠤᠯᠠᠨ ᠬᠦᠷᠦᠯᠴᠡᠬᠦ ᠦᠭᠡᠢ ᠲᠠᠯ᠎ᠠ ᠤᠷᠤᠰᠢᠵᠤ ᠪᠠᠶᠢᠭ᠎ᠠ ᠪᠣᠯᠬᠤᠷ ᠪᠢᠳᠡᠨ ᠤ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠂ ᠪᠢᠳᠡ ᠡᠷᠬᠡᠪᠰᠢ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠲᠦᠷᠢᠮ ᠤᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠤᠯᠭᠠᠭᠤᠷᠢᠯᠠᠵᠤ᠂ ᠬᠠᠤᠯᠢ ᠪᠠᠷ ᠵᠠᠰᠠᠬᠤ ᠨᠡᠶᠢᠭᠡᠮ ᠢ ᠪᠦᠲᠦᠭᠡᠨ ᠪᠠᠶᠢᠭᠤᠯᠬᠤ ᠳᠤ ᠬᠠᠮᠲᠤ ᠪᠠᠷ ᠬᠦᠴᠦᠯᠡᠨ᠂ ᠨᠠᠩ ᠲᠥᠪ ᠭᠤᠤᠯᠴᠢ ᠰᠢᠳᠤᠷᠭᠤ ᠶᠣᠰᠤᠴᠢ᠂ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠦᠨᠳᠦᠰᠦᠨ ᠱᠠᠲᠤᠨ ᠤ ᠬᠠᠤᠯᠢ ᠪᠠᠷ ᠵᠠᠰᠠᠭᠰᠠᠨ ᠣᠷᠴᠢᠨ ᠢ ᠴᠢᠷᠮᠠᠶᠢᠨ ᠴᠣᠭᠴᠠᠯᠠᠬᠤ ᠬᠡᠷᠡᠭᠲᠡᠢ᠃       ︵ᠵᠤᠬᠢᠶᠠᠭᠴᠢ ᠶᠢᠨ ᠬᠠᠶ᠋ᠢᠭ᠄ ᠥᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠬᠠᠤᠯᠢ ᠵᠦᠢ ᠶᠢᠨ ᠳᠡᠭᠡᠲᠤ ᠰᠤᠷᠭᠠᠭᠤᠯᠢ︶
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ