1-4 ᠳ᠋ᠦ᠋ᠭᠡᠷ ᠰᠠᠷ᠎ᠠ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠪᠥᠬᠦ | ᠬᠤᠰᠢᠭᠤᠨ ᠤ ᠳᠡᠭᠡᠳᠦ ᠳᠣᠣᠷᠠᠳᠤ ᠱᠠᠲᠤ ᠪᠠᠷ ᠢᠶᠠᠨ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠡᠭᠡᠳᠦ ᠱᠠᠲᠤᠨ ᠤ ᠠᠵᠤ ᠠᠬᠤᠢ ᠶᠢᠨ ᠠᠵᠢᠯ ᠤᠨ ᠲᠤᠬᠠᠢ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠠᠷᠭ᠎ᠠ ᠬᠡᠮᠵᠢᠶ᠎ᠡ ᠶᠢ ᠭᠦᠨᠵᠡᠭᠡᠢ ᠰᠦᠪᠡᠭᠴᠢᠯᠡᠨ ᠰᠦᠪᠡᠭᠴᠢᠯᠡᠵᠦ᠂ ᠪᠥᠬᠦ ᠬᠤᠰᠢᠭᠤᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ | ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠪᠡ᠃ | ᠨᠢᠭᠡ᠂ ᠠᠵᠤ ᠦᠢᠯᠡᠳᠪᠦᠷᠢ ᠶᠢᠨ ᠨᠡᠮᠡᠭᠳᠡᠯ ᠤᠨ ᠬᠠᠨᠳᠤᠰᠢ ᠤᠳᠠᠭᠠᠰᠢᠷᠠᠪᠠ | 1-4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 2.7% ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠲᠦᠷᠦᠭᠦᠸ ᠰᠠᠷ᠎ᠠ ᠠᠴᠠ 6.2 ᠵᠠᠭᠤᠨ ᠤ ᠨᠢᠭᠡᠴᠡ ᠪᠠᠭᠠᠰᠪᠠ᠃ | ᠦᠢᠯᠡᠳᠬᠦᠨ ᠤ ᠭᠠᠷᠤᠯᠲᠠ ᠠᠴᠠ ᠦᠵᠡᠪᠡᠯ᠂ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠵᠦ᠂ ᠬᠦᠷᠡᠩ | ᠨᠡᠭᠦᠷᠡᠰᠦ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠵᠦ᠂ ᠵᠡᠰ ᠤᠨ ᠨᠠᠷᠢᠯᠢᠭ ᠬᠦᠳᠡᠷ ᠤᠨ ᠨᠤᠨᠳᠠᠭ ᠠᠳᠠᠯᠢ ᠬᠤᠭᠤᠴᠠᠭᠠᠨ ᠤ ᠬᠢ ᠠᠴᠠ 4. | 6% ᠪᠠᠷ ᠪᠠᠭᠤᠷᠠᠵᠤ᠂ ᠴᠣᠬᠤᠢ ᠠᠳᠠᠯᠢ ᠬᠤᠭᠤᠴᠠᠭᠠᠨ ᠤ ᠬᠢ ᠠᠴᠠ 26.1% ᠪᠠᠷ ᠪᠠᠭᠤᠷᠠᠪᠠ᠃ | ᠬᠤᠶᠠᠷ᠂ ᠪᠡᠯᠡ ᠣᠷᠣᠭᠤᠯᠤᠯᠲᠠ ᠶᠢᠨ ᠬᠦᠷᠢᠶᠡᠨ ᠳᠤ ᠪᠠᠭ᠎ᠠ ᠬᠡᠮᠵᠢᠶ᠎ᠡ ᠪᠠᠷ ᠨᠡᠮᠡᠭᠳᠡᠪᠡ | 1-4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠲᠥᠷᠥᠯ ᠵᠦᠢᠯ 11 ᠪᠠᠶᠢᠵᠤ᠂ ᠡᠭᠦᠨ ᠳᠤ ᠠᠵᠤ | ᠦᠢᠯᠡᠳᠪᠦᠷᠢ ᠶᠢᠨ ᠲᠥᠷᠥᠯ ᠵᠦᠢᠯ 5 ᠪᠣᠶ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 3.6% ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠳᠡᠭᠡᠷ᠎ᠡ ᠰᠠᠷ᠎ᠠ ᠶᠢᠨ ᠬᠢ ᠠᠴᠠ 26.4 ᠵᠠᠭᠤᠨ ᠤ ᠨᠢᠭᠡᠴᠡ ᠪᠠᠭᠠᠰᠴᠤ᠂ ᠴᠥᠮ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ ᠪᠣᠯᠣᠨ᠎ᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠪᠡᠯᠡ ᠣᠷᠣᠭᠤᠯᠤᠯᠲᠠ ᠨᠢ | ᠭᠤᠣᠯᠳᠠᠭᠤ ᠬᠤᠶᠠᠳᠤᠭᠠᠷ ᠠᠵᠤ ᠦᠢᠯᠡᠰ ᠲᠤ ᠲᠥᠪᠯᠡᠷᠡᠵᠦ᠂ ᠡᠵᠡᠯᠡᠬᠦ ᠬᠠᠷᠢᠴᠠᠯ ᠨᠢ 65.4% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.5% | ᠪᠠᠷ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠨᠢ 34.6% ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 1366.0% ᠪᠠᠷ ᠨᠡᠮᠡᠭᠳᠡᠪᠡ᠃ | ᠭᠤᠷᠪᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶᠠᠨ ᠤ ᠪᠠᠶᠢᠳᠠᠯ ᠨᠡᠯᠢᠶᠡᠳ ᠰᠠᠶᠢᠨ ᠪᠠᠶᠢᠨ᠎ᠠ | 1-4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 31363.4 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ ᠪᠠᠨ 1. | 3 ᠵᠠᠭᠤᠨ ᠤ ᠨᠢᠭᠡᠴᠢ ᠨᠡᠮᠡᠭᠳᠡᠪᠡ᠃ | ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ 8559 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.8% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠠᠷᠠᠯᠵᠢᠶ᠎ᠠ ᠪᠦᠲᠦᠭᠰᠡᠨ ᠲᠤᠭ᠎ᠠ 2615 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 52.4% ᠪᠠᠷ ᠪᠠᠭᠤᠷᠠᠵᠤ᠂ ᠭᠠᠳᠠᠭᠠᠳᠤ ᠭᠠᠷᠭᠠᠯᠲᠠ ᠶᠢᠨ ᠠᠷᠠᠯᠵᠢᠶ᠎ᠠ ᠪᠦᠲᠦᠭᠰᠡᠨ ᠲᠤᠭ᠎ᠠ | 5944 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 135.4% ᠪᠠᠷ ᠨᠡᠮᠡᠭᠳᠡᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠪᠠᠷᠠᠭᠠᠨ ᠤ ᠬᠡᠮᠵᠢᠶ᠎ᠡ 56301 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 156.4% ᠪᠠᠷ ᠨᠡᠮᠡᠭᠳᠡᠪᠡ᠃ ᠡᠭᠦᠨ ᠳᠤ᠂ | ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ ᠬᠡᠮᠵᠢᠶ᠎ᠡ 33845 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 200.8% ᠪᠠᠷ ᠨᠡᠮᠡᠭᠳᠡᠨ᠂ | ᠭᠠᠳᠠᠭᠠᠳᠤ ᠳᠤ ᠭᠠᠷᠭᠠᠭᠰᠠᠨ ᠪᠠᠷᠠᠭᠠᠨ ᠤ ᠬᠡᠮᠵᠢᠶ᠎ᠡ 22456 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 109.7% ᠪᠠᠷ ᠨᠡᠮᠡᠭᠳᠡᠪᠡ᠃ | ᠬᠢᠯᠢ ᠪᠠᠷ ᠣᠷᠣᠵᠤ ᠭᠠᠷᠤᠭᠰᠠᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 35158 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36. | 0% ᠨᠡᠮᠡᠭᠳᠡᠪᠡ᠃ ᠡᠭᠦᠨ ᠳᠤ᠂ ᠬᠢᠯᠢ ᠪᠠᠷ ᠣᠷᠣᠵᠤ ᠢᠷᠡᠭᠰᠡᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 16630 ᠬᠥᠮᠦᠨ ᠤᠳᠠᠭ᠎ᠠ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 34.4% ᠪᠠᠷ ᠨᠡᠮᠡᠭᠳᠡᠨ᠂ ᠬᠢᠯᠢ ᠠᠴᠠ ᠭᠠᠷᠤᠭᠰᠠᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 18528 ᠬᠥᠮᠦᠨ ᠤᠳᠠᠭ᠎ᠠ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 37.4% ᠪᠠᠷ ᠨᠡᠮᠡᠭᠳᠡᠪᠡ᠃ | ᠳᠦᠷᠪᠡ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠥᠩᠭᠦᠨ ᠭᠦᠢᠯᠭᠡᠭᠡᠨ ᠤ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠨ᠎ᠠ | 1 - 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 32121 ᠲᠦᠮᠡᠨ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 58.8% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 18.1 ᠵᠠᠭᠤᠨ ᠤ ᠬᠤᠪᠢ | ᠪᠠᠭᠠᠰᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 54797 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21. | 9% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 8.7 ᠵᠠᠭᠤᠨ ᠤ ᠴᠡᠭ ᠪᠠᠭᠠᠰᠪᠠ᠃ | 4 ᠰᠠᠷ᠎ᠠ ᠶᠢᠨ ᠰᠡᠭᠦᠯᠴᠢ ᠪᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 217486 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 1.5 | ᠵᠠᠭᠤᠨ ᠤ ᠨᠢᠭᠡᠴᠢ ᠥᠷᠭᠡᠳᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 178856 ᠲᠦᠮᠡᠨ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.5% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 5.8 | ᠵᠠᠭᠤᠨ ᠤ ᠴᠡᠭ ᠥᠷᠭᠡᠳᠪᠡ᠃ | ᠶᠡᠷᠦᠩᠬᠡᠶ ᠳᠤᠨᠢ ᠠᠪᠴᠤ ᠦᠵᠡᠪᠡᠯ᠂ 1 - 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ | ᠲᠣᠭᠲᠠᠭᠤᠨ ᠢᠶᠠᠷ ᠨᠡᠮᠡᠭᠳᠡᠭᠰᠡᠨ ᠪᠣᠯᠪᠠᠴᠤ ᠬᠡᠰᠡᠭ ᠭᠦᠢᠴᠡᠳᠬᠡᠯ ᠲᠤᠭ᠎ᠠ ᠶᠢᠨ ᠨᠡᠮᠡᠭᠳᠡᠯ ᠤᠳᠠᠭᠠᠰᠢᠷᠠᠵᠤ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ | ᠬᠢᠵᠠᠭᠠᠷᠯᠠᠬᠤ ᠬᠦᠴᠦᠨ ᠵᠦᠢᠯ ᠮᠦᠨ ᠯᠡ ᠨᠡᠯᠢᠶᠡᠳ ᠲᠣᠪᠤᠶᠢᠮ᠎ᠠ ᠪᠠᠶᠢᠨ᠎ᠠ᠂ ᠲᠠᠷᠠᠭᠠᠴᠢ ᠶᠢᠨ ᠱᠠᠲᠤᠨ ᠳᠤ᠂ ᠶᠡᠷᠦᠩᠬᠡᠶ ᠱᠦᠵᠢ ᠰᠢ ᠶᠢᠨ ᠫᠢᠩ ᠤᠨ ᠠᠵᠤ | ᠠᠬᠤᠶ ᠶᠢᠨ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠵᠠ ᠲᠣᠬᠢᠶᠠᠯ ᠢ ᠠᠮᠵᠢᠨ᠂ ᠢᠲᠡᠭᠡᠯ | ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠨ᠂ ᠠᠵᠤ ᠠᠬᠤᠶ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠲᠦᠪᠡᠭᠲᠡᠶ ᠠᠰᠠᠭᠤᠳᠠᠯ ᠢ | ᠲᠦᠷᠭᠡᠨ ᠰᠢᠢᠳᠪᠦᠷᠢᠯᠡᠵᠦ᠂ ᠠᠵᠤ ᠦᠢᠯᠡᠳᠪᠦᠷᠢ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠲᠠᠰᠤᠷᠠᠯᠲᠠ | ᠥᠬᠡᠶ ᠥᠷᠭᠡᠳᠬᠡᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ | | |