ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ | ᠬᠤᠷᠠᠯᠳᠤᠭᠤᠯᠤᠭᠰᠠᠨ ᠬᠡᠷᠡᠭᠯᠡᠭᠡᠨ ᠤ ᠵᠦᠢᠯ ᠢ ᠰᠢᠯᠢᠳᠡᠭᠵᠢᠭᠦᠯᠦᠨ ᠲᠣᠬᠢᠷᠠᠭᠤᠯᠬᠤ ︽ᠬᠠᠭᠤᠴᠢᠨ ᠢᠶᠠᠷ ᠰᠢᠨ᠎ᠡ ᠶᠢ ᠰᠣᠯᠢᠬᠤ︾ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠨᠠᠰᠤᠲᠠᠶᠢᠴᠤᠳ ᠤᠨ ᠠᠮᠢᠳᠤᠷᠠᠬᠤ ᠣᠷᠴᠢᠨ ᠨᠥᠬᠦᠴᠡᠯ ᠢ ᠤᠯᠠᠮ ᠨᠢᠭᠡ | ᠠᠯᠬᠤᠮ ᠰᠠᠶᠢᠵᠢᠷᠠᠭᠤᠯᠬᠤ ᠶᠢᠨ ᠬᠠᠮᠲᠤ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠬᠡᠷᠡᠭᠯᠡᠭᠡ ᠶᠢ ᠳᠠᠶᠢᠴᠢᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ᠵᠡᠷᠭᠡ 6 ᠰᠠᠯᠠᠭ᠎ᠠ ᠮᠥᠴᠢᠷ | ᠬᠠᠮᠲᠤᠷᠠᠨ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠤᠨ ᠵᠠᠰᠠᠯ ᠴᠢᠮᠡᠭᠯᠡᠯ ᠲᠣᠭᠤᠭᠠᠨ ᠭᠡᠷ ᠠᠷᠢᠭᠤᠨ ᠴᠡᠪᠡᠷ ᠤᠨ | ᠬᠡᠷᠡᠭᠰᠡᠯ ᠢ ︿ᠰᠢᠨᠡᠳᠬᠡᠨ ᠰᠣᠯᠢᠬᠤ﹀ ᠨᠥᠬᠦᠪᠦᠷᠢ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠂ ᠭᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠲᠤ ᠲᠣᠬᠢᠷᠠᠬᠤ ᠭᠡᠷ ᠤᠨ ᠡᠳ᠋ᠯᠡᠯ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠳᠡᠮᠵᠢᠬᠦ ᠬᠡᠪᠴᠢᠶᠡᠨ ᠳᠤ | ᠣᠷᠣᠭᠤᠯᠵᠤ᠂ ᠨᠥᠬᠦᠪᠦᠷᠢ ᠶᠢᠨ ᠪᠠᠷᠢᠮᠵᠢᠶ᠎ᠠ᠂ ᠬᠡᠪᠴᠢᠶ᠎ᠡ ᠵᠢᠴᠢ ᠠᠷᠭ᠎ᠠ ᠮᠠᠶ᠋ᠢᠭ ᠢ ᠲᠣᠳᠣᠷᠬᠠᠶᠢᠯᠠᠵᠤ᠂ ᠨᠠᠰᠤᠲᠠᠶᠢᠴᠤᠳ ᠲᠤ ᠦᠨᠡᠨ ᠪᠣᠳᠠᠲᠠᠢ ᠠᠰᠠᠷᠠᠮᠵᠢ | ᠬᠦᠷᠲᠡᠭᠡᠬᠦ ᠪᠠᠷ ᠪᠤᠢ᠃ | 2025 ᠣᠨ ᠤ ᠲᠥᠷᠥ ᠶᠢᠨ ᠪᠣᠳᠣᠯᠭ᠎ᠠ ᠶᠢᠨ ᠬᠤᠭᠤᠴᠠᠭᠠᠨ ᠳᠤ᠂ ᠥᠪᠥᠷ ᠮᠣᠩᠭᠤᠯ ᠳᠤ ᠪᠠᠶᠢᠩᠭᠤ ᠰᠠᠭᠤᠭ᠎ᠠ ᠪᠥᠭᠡᠳ ᠭᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠲᠤ ᠲᠣᠬᠢᠷᠠᠬᠤ ᠰᠢᠨᠡᠳᠬᠡᠨ ᠰᠣᠯᠢᠬᠤ ᠲᠠᠸᠠᠷ ᠢ ᠬᠤᠳᠠᠯᠳᠤᠨ ᠠᠪᠬᠤ ᠬᠡᠷᠡᠭᠴᠡᠭᠡ ᠲᠠᠢ ᠪᠦᠬᠦᠯᠢ 60 ᠨᠠᠰᠤ ᠵᠢᠴᠢ ᠲᠡᠭᠦᠨ ᠠᠴᠠ ᠳᠡᠭᠡᠭᠰᠢᠬᠢ | ᠨᠠᠰᠤᠲᠠᠶᠢᠴᠤᠳ ᠴᠥᠮ ᠨᠥᠬᠦᠪᠦᠷᠢ ᠭᠥᠷᠳᠡᠵᠦ ᠪᠣᠯᠣᠨ᠎ᠠ᠃ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ ᠲᠣᠬᠢᠷᠠᠬᠤ ᠰᠢᠨᠡᠳᠬᠡᠨ ᠰᠣᠯᠢᠬᠤ ᠦᠢᠯᠡᠳᠬᠦᠨ ᠢ | ᠬᠤᠳᠠᠯᠳᠤᠨ ᠠᠪᠤᠪᠠᠯ ᠪᠣᠳᠠᠲᠠᠢ ᠠᠷᠠᠯᠵᠢᠶᠠᠯᠠᠬᠤ ᠦᠨ᠎ᠡ ᠶᠢᠨ 30 % ᠪᠠᠷ ᠨᠥᠬᠦᠪᠦᠷᠢ ᠥᠭᠭᠦᠨ᠎ᠡ᠃ ᠥᠪᠥᠷ ᠮᠣᠩᠭᠤᠯ ︽ᠭᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠲᠤ ᠲᠣᠬᠢᠷᠠᠬᠤ ᠰᠢᠨᠡᠳᠬᠡᠨ ᠰᠣᠯᠢᠬᠤ ᠨᠥᠬᠦᠪᠦᠷᠢ ᠥᠭᠬᠦ ᠦᠢᠯᠡᠳᠬᠦᠨ ᠤ ᠰᠠᠨᠠᠭᠤᠯᠭ᠎ᠠ ᠶᠢᠨ ᠨᠠᠷᠢᠨ ᠬᠠᠭᠤᠳᠠᠰᠤ︾ ᠶᠢ ᠨᠡᠶᠢᠲᠡᠯᠡᠪᠡ᠂ ᠨᠠᠷᠢᠨ | ᠬᠠᠭᠤᠳᠠᠰᠤ ᠳᠤ ᠭᠡᠷ ᠤᠨ ᠭᠠᠵᠠᠷ ᠪᠠ ᠡᠭᠦᠳᠡ ᠪᠠᠨ ᠰᠢᠨᠡᠳᠬᠡᠨ ᠵᠠᠰᠠᠬᠤ᠂ ᠤᠨᠲᠠᠬᠤ ᠥᠷᠥᠭᠡ ᠪᠠᠨ ᠰᠢᠨᠡᠳᠬᠡᠨ ᠵᠠᠰᠠᠬᠤ᠂ ᠵᠢᠱᠢᠶᠡᠯᠡᠪᠡᠯ ᠵᠣᠷᠯᠣᠩ ᠤᠬᠢᠶᠠᠯᠭ᠎ᠠ ᠶᠢᠨ | ᠲᠥᠬᠦᠭᠡᠷᠦᠮᠵᠢ ᠪᠠᠨ ᠰᠢᠨᠡᠳᠬᠡᠨ ᠵᠠᠰᠠᠬᠤ᠂ ᠲᠣᠭᠤᠭᠠᠨ ᠭᠡᠷ ᠤᠨ ᠲᠥᠬᠦᠭᠡᠷᠦᠮᠵᠢ ᠪᠠᠨ ᠰᠢᠨᠡᠳᠬᠡᠨ ᠵᠠᠰᠠᠬᠤ᠂ ᠹᠢᠽᠢᠺ ᠤᠨ ᠣᠷᠴᠢᠨ ᠲᠣᠭᠤᠷᠢᠨ ᠢᠶᠠᠨ ᠰᠢᠨᠡᠳᠬᠡᠨ | ᠵᠠᠰᠠᠬᠤ᠂ ᠣᠶᠤᠨᠴᠢ ᠲᠤᠰᠠᠯᠠᠬᠤ ᠦᠢᠯᠡᠳᠬᠦᠨ ᠵᠡᠷᠭᠡ ᠵᠢᠷᠭᠤᠭᠠᠨ ᠶᠡᠭᠡ ᠲᠥᠷᠥᠯ ᠤᠨ 25 ᠵᠦᠢᠯ ᠤᠨ ᠲᠠᠸᠠᠷ ᠢ ᠬᠠᠮᠤᠷᠴᠠᠢ᠃ ᠬᠡᠷᠡᠭᠯᠡᠭᠴᠢᠳ ᠨᠢ ᠳᠤᠮᠳᠠᠳᠤ | ᠤᠯᠤᠰ ᠤᠨ ᠪᠠᠩᠬᠢ ᠶᠢᠨ ᠬᠤᠯᠪᠣᠭᠠᠨ ᠤ ︽ᠶᠦᠨ ᠱᠠᠨ ᠹᠦ᠋︾ APP ᠪᠠᠷ ᠳᠡᠮᠵᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠤᠨ ᠵᠠᠰᠠᠯ | ᠴᠢᠮᠡᠭᠯᠡᠯ ᠲᠣᠭᠤᠭᠠᠨ ᠭᠡᠷ ᠠᠷᠢᠭᠤᠨ ᠴᠡᠪᠡᠷ ᠤᠨ ᠬᠡᠷᠡᠭᠰᠡᠯ ᠢ ᠰᠢᠨᠡᠳᠬᠡᠨ ᠰᠣᠯᠢᠬᠤ︾ ᠦᠢᠯᠡᠴᠢᠯᠡᠭᠡᠨ ᠤ ᠲᠠᠪᠴᠠᠩ ᠳᠤ ᠭᠠᠷᠴᠤ᠂ ︽ᠭᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠲᠤ ᠲᠣᠬᠢᠷᠠᠬᠤ ᠰᠢᠨᠡᠳᠬᠡᠨ ᠰᠣᠯᠢᠬᠤ︾ ᠵᠠᠭᠪᠤᠷ ᠲᠤ ᠣᠷᠣᠵᠤ ᠬᠤᠳᠠᠯᠳᠤᠨ ᠠᠪᠬᠤ ᠪᠠᠷ ᠭᠤᠶᠤᠴᠢᠯᠠᠪᠠᠯ ᠪᠣᠯᠴᠢᠬᠠᠨ᠎ᠠ᠃ |