5 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳᠠᠯᠠᠶᠢᠪᠠᠲᠤ | ᠬᠡᠷᠦᠯᠦᠨ ᠰᠤᠮᠤ ᠶᠢᠨ ᠰᠠᠷᠠᠭᠤᠯ ᠭᠠᠴᠠᠭᠠᠨ ᠤ ᠲᠦᠭᠦᠷᠡᠩ ᠭᠡᠷ ᠪᠦᠯᠢ ᠶᠢᠨ ᠮᠠᠯᠵᠢᠯ ᠤᠨ ᠲᠠᠯᠠᠪᠠᠶ᠂ ᠠᠷᠤᠬᠠᠰᠢᠶᠠᠲᠤ ᠪᠠᠯᠭᠠᠰᠤ ᠶᠢᠨ ᠪᠠᠶ᠋ᠬᠠᠭᠤᠯᠠ ᠭᠠᠴᠠᠭᠠᠨ ᠤ | ᠪᠠᠶᠠᠨ ᠵᠤᠰᠠᠯᠠᠩ᠂ ᠪᠠᠷᠭᠤ ᠠᠷᠠᠳ ᠤᠨ ᠵᠠᠩ ᠦᠶᠯᠡ ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠮᠠᠯ ᠠᠵᠤ ᠠᠬᠤᠢ | ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠣᠳᠣᠯᠣᠯᠲᠠ ᠬᠢᠪᠡ᠃ | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠳᠠᠯᠠᠶᠢᠪᠠᠲᠤ ︽ᠭᠡᠷᠲᠦ ᠲᠡᠷᠭᠡ + ᠮᠠᠯᠵᠢᠬᠤ ᠡᠷᠦᠬᠡ ᠶᠢᠨ ᠵᠢᠭᠤᠯᠴᠢᠯᠠᠯ︾᠂ ᠠᠷᠠᠳ ᠤᠨ ᠣᠷᠣᠨ | ᠰᠠᠭᠤᠴᠠ ᠶᠢᠨ ᠥᠭᠡᠷᠡᠴᠢᠯᠡᠯᠲᠡ ᠵᠢᠴᠢ ᠵᠤᠨ ᠤ ᠤᠯᠠᠷᠢᠯ ᠤᠨ ᠵᠢᠭᠤᠯᠴᠢᠯᠠᠯ ᠤᠨ ᠪᠦᠲᠦᠭᠡᠭᠳᠡᠬᠦᠨ ᠤ ᠵᠠᠮ ᠱᠤᠭᠤᠮ ᠵᠡᠷᠭᠡ ᠪᠠᠶᠢᠳᠠᠯ ᠢ ᠨᠠᠷᠢᠯᠢᠭ ᠣᠶᠢᠯᠠᠭᠠᠪᠠ᠃ | ᠲᠡᠷᠡ᠂ ᠠᠵᠤ ᠠᠬᠤᠶᠢᠯᠠᠯ ᠪᠠ ᠵᠠᠬ᠎ᠠ ᠳᠡᠯᠭᠡᠭᠦᠷ ᠤᠨ ᠳᠠᠪᠠᠭᠤᠯᠢᠭ ᠢ ᠪᠠᠳᠠᠷᠠᠭᠤᠯᠵᠤ᠂ ᠮᠠᠯᠴᠢᠳ ᠢ ᠰᠣᠶᠣᠯ ᠵᠢᠭᠤᠯᠴᠢᠯᠠᠯ ᠤᠨ ᠦᠢᠯᠡᠰ ᠲᠤ | ᠣᠷᠣᠯᠴᠠᠭᠤᠯᠬᠤ ᠪᠠᠷ ᠬᠥᠲᠥᠯᠥᠨ ᠵᠢᠯᠤᠭᠤᠳᠴᠤ᠂ ᠮᠠᠯᠵᠢᠬᠤ ᠡᠷᠦᠬᠡ ᠶᠢᠨ ᠵᠢᠭᠤᠯᠴᠢᠯᠠᠯ ᠵᠡᠷᠭᠡ ᠣᠨᠴᠠᠯᠢᠭᠲᠤ ᠵᠢᠭᠤᠯᠴᠢᠯᠠᠯ ᠢᠶᠠᠷ ᠠᠴᠢᠶᠠᠯᠠᠪᠤᠷᠢ ᠪᠣᠯᠭᠠᠵᠤ᠂ | ᠤᠮᠠᠷᠠᠲᠤ ᠬᠢᠯᠢ ᠶᠢᠨ ᠰᠣᠶᠣᠯ ᠢ ᠪᠡᠶᠡᠴᠢᠯᠡᠨ ᠣᠶᠢᠯᠠᠭᠠᠬᠤ ᠮᠠᠶ᠋ᠢᠭ ᠤᠨ ᠦᠵᠡᠭᠳᠡᠯ ᠢ ᠪᠤᠢ ᠪᠣᠯᠭᠠᠬᠤ ᠬᠡᠷᠡᠭᠲᠡᠢ᠃ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢᠨ | ᠠᠯᠲᠠᠨ ᠦᠰᠦᠭᠲᠦ ᠫᠠᠶᠢᠰᠠ ᠶᠢ ᠦᠷᠭᠦᠯᠵᠢᠯᠡᠨ ᠭᠡᠷᠡᠯᠲᠦᠭᠦᠯᠵᠦ᠂ ᠠᠮᠲᠠᠲᠤ ᠢᠳᠡᠭᠡᠨ ᠬᠢᠭᠡᠳ ᠰᠣᠶᠣᠯ ᠵᠢᠭᠤᠯᠴᠢᠯᠠᠯ ᠤᠨ ᠭᠦᠨ ᠠᠭᠤᠰᠤᠯᠴᠠᠯ ᠢ ᠠᠬᠢᠭᠤᠯᠵᠤ᠂ | ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠣᠨᠴᠠᠯᠢᠭᠲᠤ ᠬᠢᠯᠠᠰ ᠴᠡᠭ ᠢ | ᠠᠭᠤᠳᠠᠯᠵᠤ᠂ ᠤᠯᠠᠨ ᠡᠰᠢᠲᠦ ᠠᠷᠭ᠎ᠠ ᠵᠠᠮ ᠢᠶᠠᠷ ᠣᠷᠣᠨ ᠨᠤᠲᠤᠭ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠲᠦᠷᠦᠯ ᠵᠦᠢᠯ ᠤᠨ ᠴᠢᠨᠠᠷ ᠴᠢᠨᠰᠠᠭ᠎ᠠ ᠶᠢ | ᠴᠢᠩᠭ᠎ᠠ ᠡᠵᠡᠮᠳᠡᠵᠦ᠂ ᠢᠵᠢ ᠪᠦᠷᠢᠳᠦᠭᠰᠡᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠪᠠᠲᠤᠯᠠᠭ᠎ᠠ ᠪᠠ ᠮᠠᠯᠴᠢᠳ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠶᠢ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃ | | | |