ᠪᠦᠬᠡᠪᠠᠶᠠᠷ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠭᠤᠤᠯ ᠨᠠᠭᠤᠷ ᠢ ᠬᠠᠮᠢᠶᠠᠷᠬᠤ ᠳᠠᠷᠤᠭ᠎ᠠ ᠶᠢᠨ ᠲᠦᠷᠢᠮ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/27
      5 ᠰᠠᠷ᠎ᠠ ᠶᠢᠨ 26 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠪᠤᠶᠢᠷ ᠰᠤᠮᠤ᠂ ᠪᠣᠭᠳᠠᠠᠭᠤᠯᠠ ᠰᠣᠮᠣᠨ ᠳᠤ ᠭᠦᠨᠵᠡᠭᠡᠶᠢᠷᠡᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠭᠤᠤᠯ ᠨᠠᠭᠤᠷ ᠢ ᠬᠠᠮᠢᠶᠠᠷᠬᠤ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠪᠠᠶᠢᠳᠠᠯ ᠵᠡᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠤᠯᠲᠠ ᠳᠤ᠂ ᠪᠦᠬᠡᠪᠠᠶᠠᠷ ᠪᠤᠶᠢᠷ ᠨᠠᠭᠤᠷ ᠠᠴᠠ ᠡᠬᠢᠯᠡᠨ᠂ ᠣᠷᠱᠣᠨ ᠭᠤᠤᠯ ᠤᠨ ᠡᠷᠭᠢ ᠳᠠᠭᠠᠤ ᠬᠠᠶᠢᠨ ᠪᠠᠶᠢᠴᠠᠭᠠᠵᠤ᠂ ᠤᠯᠠᠭᠠᠨᠨᠠᠭᠤᠷ ᠤᠨ ᠬᠠᠮᠢᠶᠠᠷᠤᠨ ᠬᠠᠮᠠᠭᠠᠯᠠᠬᠤ ᠥᠷᠲᠡᠭᠡ ᠪᠠᠷ ᠥᠩᠭᠡᠷᠡᠵᠦ᠂ ᠭᠤᠤᠯ ᠳᠠᠭᠠᠤ ᠶᠢᠨ ᠤᠰᠤᠨ ᠤ ᠴᠢᠨᠠᠷ ᠤᠨ ᠪᠠᠶᠢᠳᠠᠯ᠂ ᠡᠷᠭᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠵᠢᠴᠢ ᠪᠦᠬᠦᠯᠢ ᠴᠣᠭᠴᠠ ᠶᠢᠨ ᠠᠮᠢ ᠠᠬᠤᠶ ᠶᠢᠨ ᠪᠠᠶᠢᠳᠠᠯ ᠢ ᠨᠠᠷᠢᠯᠢᠭ ᠪᠠᠶᠢᠴᠠᠭᠠᠨ ᠦᠵᠡᠵᠦ᠂ ᠠᠵᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠲᠤᠬᠠᠶ ᠶᠢᠨ ᠲᠠᠯᠠᠪᠠᠶ ᠳᠤ ᠵᠣᠬᠢᠴᠠᠭᠤᠯᠤᠨ ᠰᠢᠢᠳᠪᠦᠷᠢᠯᠡᠪᠡ᠃      ᠪᠦᠬᠡᠪᠠᠶᠠᠷ᠂ ᠡᠯ᠎ᠡ ᠰᠤᠮᠤ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠡᠩ ᠦᠨᠳᠦᠷ ᠪᠠᠷᠢᠮᠵᠢᠶᠠᠨ ᠳᠤ ᠰᠠᠭᠤᠷᠢᠯᠠᠨ᠂ ᠳᠤᠳᠠᠭᠤᠳᠠᠯ ᠪᠠ ᠪᠠᠭᠤᠷᠠᠢ ᠲᠠᠯ᠎ᠠ ᠪᠠᠨ ᠴᠢᠩᠭ᠎ᠠ ᠠᠩᠬᠠᠷᠴᠤ᠂ ᠳᠤᠰᠢᠶᠠᠯ ᠬᠠᠷᠢᠭᠤᠴᠠᠯᠭ᠎ᠠ ᠪᠠᠨ ᠡᠭᠦᠷᠭᠡᠯᠡᠨ᠂ ᠵᠤᠬᠢᠴᠠᠭᠤᠯᠤᠨ ᠬᠤᠯᠪᠤᠭᠠᠯᠠᠨ ᠬᠦᠳᠡᠯᠦᠯᠴᠡᠵᠦ᠂ ᠳᠡᠭᠡᠳᠦ ᠳᠤᠤᠷᠠᠳᠦ ᠱᠠᠳᠤ ᠬᠤᠯᠪᠤᠭᠠᠯᠠᠨ ᠬᠦᠳᠡᠯᠦᠯᠴᠡᠵᠦ᠂ ᠵᠡᠷᠭᠡᠪᠡᠷ ᠠᠳᠬᠤᠨ ᠬᠠᠮᠳᠤ ᠳᠤᠨᠢ ᠬᠠᠮᠢᠶᠠᠷᠴᠤ᠂ ᠭᠡᠷᠡᠭᠵᠢᠬᠦᠯᠦᠯᠳᠠ ᠴᠢᠩᠭ᠎ᠠ ᠬᠦᠴᠦᠳᠠᠢ ᠠᠵᠢᠯ ᠤᠨ ᠳᠤᠭᠳᠠᠴᠠ ᠶᠢ ᠪᠦᠷᠢᠨᠰᠢᠭᠦᠯᠦᠨ ᠳᠡᠭᠦᠯᠳᠡᠷᠵᠢᠭᠦᠯᠵᠤ᠂ ᠬᠦᠯᠦᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠤᠷᠴᠢᠨ ᠲᠤᠭᠤᠷᠢᠨ ᠤ ᠵᠠᠰᠠᠯᠳᠠ ᠶᠢ ᠪᠦᠬᠦ ᠬᠦᠴᠦᠨ ᠢᠶᠠᠷ ᠰᠠᠶᠢᠳᠤᠷ ᠠᠳᠬᠤᠵᠤ᠂ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢ ᠬᠠᠮᠠᠭᠠᠯᠠᠨ᠂ ᠭᠤᠤᠯ ᠨᠠᠭᠤᠷ ᠤᠨ ᠵᠠᠰᠠᠯᠳᠠ ᠬᠠᠮᠠᠭᠠᠯᠠᠯᠳᠠ ᠶᠢᠨ ᠬᠢᠷᠢ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠬᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃      ᠪᠦᠬᠡᠪᠠᠶᠠᠷ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠵᠦᠢᠯ ᠤᠨ ᠬᠠᠮᠢᠶᠠᠷᠤᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠦ᠂ ᠭᠤᠣᠯ ᠨᠠᠭᠤᠷ ᠢ ᠬᠠᠮᠠᠭᠠᠯᠠᠬᠤ ᠪᠠ ᠵᠠᠰᠠᠵᠤ ᠰᠡᠷᠭᠦᠭᠡᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠤᠯᠠᠨ ᠲᠦᠮᠡᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠨᠠᠶᠢᠳᠠᠪᠤᠷᠢᠵᠢᠭᠤᠯᠬᠤ ᠪᠣᠳᠠᠲᠤ ᠬᠦᠴᠦᠨ᠂ ᠬᠡᠷᠡᠭᠵᠢᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠲᠤ ᠬᠢᠯᠢ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃      ᠪᠦᠬᠡᠪᠠᠶᠠᠷ ᠪᠠᠰᠠ ᠭᠠᠳᠠᠨ᠎ᠠ ᠠᠴᠠ ᠢᠷᠡᠭᠰᠡᠨ ᠮᠠᠯ ᠢ ᠬᠠᠮᠢᠶᠠᠷᠤᠨ ᠡᠵᠡᠮᠳᠡᠬᠦ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ