5 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠥᠪᠥᠷ | ᠮᠣᠩᠭᠤᠯ ᠤᠨ ᠲᠤᠬᠠᠢ ᠦᠢᠯᠡᠳᠦᠯ ᠴᠢᠳᠠᠪᠬᠢ ᠶᠢᠨ ᠪᠠᠶᠢᠷᠢ ᠲᠣᠭᠲᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠠᠲᠤ ᠡᠵᠡᠮᠳᠡᠵᠦ᠂ ᠥᠪᠥᠷ | ᠮᠣᠩᠭᠤᠯ ᠤᠨ ᠣᠨᠴᠠᠯᠢᠭ ᠪᠠ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠰᠢᠰᠲ᠋ᠧᠮ ᠲᠠᠢ ᠤᠬᠠᠭᠠᠯᠠᠨ ᠲᠥᠯᠥᠪᠯᠡᠵᠦ᠂ | ᠡᠯ᠎ᠡ ᠲᠥᠷᠥᠯ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠢᠨᠵᠧᠨᠧᠷᠢᠩ ᠤᠨ ᠲᠥᠷᠥᠯ ᠵᠦᠢᠯ ᠢ | ᠵᠣᠬᠢᠰᠲᠠᠢ ᠲᠥᠯᠥᠪᠵᠢᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠲᠦᠭᠵᠢᠷᠡᠯ ᠴᠡᠭ ᠬᠤᠷᠢᠭ᠎ᠠ ᠴᠡᠭ ᠲᠤ ᠠᠩᠬᠠᠷᠤᠯ ᠢᠶᠠᠨ ᠲᠥᠪᠯᠡᠷᠡᠭᠦᠯᠦᠨ | ᠠᠰᠠᠭᠤᠳᠠᠯ ᠢ ᠰᠤᠳᠤᠯᠬᠤ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠴᠢᠨᠠᠷ ᠰᠠᠶᠢᠲᠠᠢ | ᠰᠠᠶᠢᠲᠤᠷ ᠨᠠᠶᠢᠷᠠᠭᠤᠯᠤᠨ ᠵᠣᠬᠢᠶᠠᠬᠤ ᠬᠡᠷᠡᠭᠲᠡᠢ᠃ ᠤᠯᠤᠰ ᠤᠨ ᠬᠤᠯᠪᠣᠭᠳᠠᠯ ᠪᠦᠬᠦᠢ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠵᠦᠢᠯᠡᠰ | ᠪᠣᠯᠣᠨ ᠨᠢᠭᠡᠨᠲᠡ ᠣᠯᠣᠭᠰᠠᠨ ᠰᠤᠳᠤᠯᠭᠠᠨ ᠤ ᠦᠷ᠎ᠡ ᠳ᠋ᠦᠩ ᠢ ᠭᠦᠢᠴᠡᠳ ᠰᠢᠩᠭᠡᠬᠡᠨ ᠠᠪᠴᠤ᠂ ᠨᠠᠩ ᠣᠯᠠᠨ ᠲᠥᠷᠥᠯ ᠵᠦᠢᠯ ᠢ ᠤᠯᠤᠰ ᠤᠨ ︽ᠶᠡᠭᠡ ᠲᠠᠯ᠎ᠠ︾ ᠳᠤ | ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠡᠭᠦᠳᠡ ᠪᠠᠨ ᠨᠡᠭᠡᠭᠡᠵᠦ ᠲᠥᠯᠦᠪᠵᠢᠭᠦᠯᠭᠡ ᠬᠢᠬᠦ ᠶᠢ ᠪᠠᠷᠢᠮᠲᠠᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ | ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ ᠰᠢᠩᠭᠡᠬᠡᠨ ᠠᠪᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠭᠤᠶᠢᠪᠢᠰᠢ ᠦᠭᠡᠢ ᠴᠢᠩᠭ᠎ᠠ ᠠᠳᠬᠤᠵᠤ᠂ ᠬᠤᠷᠳᠤᠴᠠ ᠪᠠᠨ ᠲᠦᠷᠭᠡᠳᠬᠡᠨ ᠦᠷ᠎ᠡ | ᠪᠦᠲᠦᠮᠵᠢ ᠪᠠᠨ ᠳᠡᠭᠡᠭᠰᠢᠯᠡᠭᠦᠯᠦᠨ ︽ᠲᠠᠪᠤᠨ ᠶᠡᠭᠡ ᠡᠭᠦᠷᠭᠡ︾ ᠵᠢᠴᠢ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢ ᠠᠬᠢᠭᠤᠯᠵᠤ᠂ ᠤᠯᠠᠮᠵᠢᠯᠠᠯᠲᠤ | ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ᠂ ᠰᠣᠶᠣᠯ | ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠨᠡᠶᠢᠭᠡᠮ ᠤᠨ ᠵᠠᠰᠠᠯᠲᠠ ᠶᠢ ᠴᠢᠩᠭᠠᠳᠬᠠᠬᠤ | ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ᠂ ᠬᠡᠲᠦᠷᠡᠲᠡᠯ᠎ᠡ ᠮᠠᠯᠵᠢᠵᠤ ᠬᠡᠲᠦᠷᠡᠲᠡᠯ᠎ᠡ ᠮᠠᠯᠲᠠᠬᠤ ᠵᠡᠷᠭᠡ | ᠨᠡᠶᠢᠭᠡᠮ ᠤᠨ ᠡᠷᠦᠢ ᠬᠤᠷᠤᠢ ᠦᠭᠡᠢ ᠦᠵᠡᠭᠳᠡᠯ ᠢ ᠬᠦᠴᠦᠲᠡᠢ ᠴᠡᠭᠴᠡᠯᠡᠨ ᠵᠠᠰᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ | ᠠᠬᠢᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠨᠡᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠠᠶᠤᠯᠭᠦᠢ ᠦᠢᠯᠡᠳᠪᠦᠷᠢᠯᠡᠯ᠂ ᠨᠤᠲᠤᠭ ᠪᠡᠯᠴᠢᠭᠡᠷ ᠤᠢ ᠰᠢᠭᠤᠢ ᠶᠢᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠡᠷᠭᠡ | ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠪᠣᠯᠣᠨ ᠴᠢᠬᠤᠯᠠ ᠪᠠᠶᠠᠷ ᠤᠨ ᠵᠠᠬᠢᠳᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠡᠮᠳᠡᠭᠴᠦᠳ ᠤᠨ ᠠᠵᠢᠯ ᠪᠣᠯᠣᠨ ᠳᠠᠭᠢᠨ | ᠶᠠᠳᠠᠭᠤᠷᠠᠬᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠪᠠ᠃ | ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ᠂ ᠮᠠᠨ ᠤ ᠣᠷᠣᠨ ᠤ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ | ᠠᠬᠢᠭᠤᠯᠬᠤ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠰᠡᠷᠭᠡᠭ ᠢᠶᠠᠷ ᠲᠠᠨᠢᠵᠤ᠂ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠳᠤ ᠣᠷᠣᠰᠢᠵᠤ ᠪᠠᠶᠢᠭ᠎ᠠ ᠳᠤᠲᠠᠭᠤᠳᠠᠯ ᠪᠠ ᠪᠠᠭᠤᠷᠠᠢ ᠲᠠᠯ᠎ᠠ ᠶᠢ ᠰᠡᠷᠭᠡᠭ ᠢᠶᠠᠷ ᠲᠠᠨᠢᠵᠤ᠂ | ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠲᠠᠢ ᠣᠶᠢᠷᠠᠲᠤᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠠᠳᠬᠤᠵᠤ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ | ᠠᠪᠴᠤ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ᠃ ᠠᠵᠤ ᠦᠢᠯᠡᠰ ᠢ ᠪᠤᠵᠠᠭᠠᠶᠢᠷᠠᠭᠤᠯᠬᠤ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠵᠣᠬᠢᠶᠠᠨ ᠪᠠᠶᠢᠭᠤᠯᠵᠤ | ᠳᠠᠶᠢᠴᠢᠯᠠᠬᠤ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠤ ᠲᠥᠬᠦᠭᠡᠷᠦᠮᠵᠢᠲᠦ | ᠲᠠᠷᠢᠶᠠᠯᠠᠩ᠂ ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠡᠪᠴᠢᠶ᠎ᠡ ᠪᠠᠨ ᠥᠷᠭᠡᠳᠬᠡᠬᠦ ᠶᠢ ᠵᠣᠷᠢᠭᠵᠢᠭᠤᠯᠵᠤ᠂ ᠬᠠᠮᠲᠤ ᠶᠢᠨ ᠠᠵᠤ ᠠᠬᠤᠢ ᠶᠢ | ᠲᠦᠷᠭᠡᠳᠬᠡᠨ ᠪᠤᠵᠠᠭᠠᠶᠢᠷᠠᠭᠤᠯᠬᠤ ᠬᠡᠷᠡᠭᠲᠡᠢ᠃ ᠮᠠᠯᠴᠢᠨ ᠲᠠᠷᠢᠶᠠᠴᠢᠨ ᠤ ᠭᠠᠳᠠᠭᠰᠢ ᠭᠠᠷᠴᠤ ᠠᠵᠢᠯ ᠬᠢᠬᠦ ᠶᠢ ᠢᠳᠡᠪᠬᠢᠲᠡᠢ ᠵᠣᠬᠢᠶᠠᠨ ᠪᠠᠶᠢᠭᠤᠯᠵᠤ᠂ | ᠬᠥᠳᠡᠯᠮᠦᠷᠢᠯᠡᠭᠦᠯᠬᠦ ᠪᠠᠷ ᠲᠡᠳᠬᠦᠮᠵᠢ ᠶᠢ ᠣᠷᠣᠯᠠᠭᠤᠯᠬᠤ ᠶᠢ ᠶᠡᠭᠡ ᠪᠠᠷ ᠶᠠᠪᠤᠭᠤᠯᠵᠤ᠂ ᠠᠷᠭ᠎ᠠ ᠪᠦᠭᠦᠨ ᠢ ᠰᠦᠪᠡᠭᠴᠢᠯᠡᠵᠦ ᠮᠠᠯᠴᠢᠨ ᠲᠠᠷᠢᠶᠠᠴᠢᠨ ᠤ ᠴᠠᠯᠢᠩ ᠤᠨ | ᠴᠢᠨᠠᠷᠲᠠᠢ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠰᠠᠨ ᠡᠷᠦᠭᠡ᠂ ᠶᠠᠳᠠᠭᠤ ᠬᠦᠴᠢᠷᠳᠡᠯᠲᠡᠢ ᠡᠷᠦᠭᠡ ᠶᠢ ᠤᠨᠢᠨ ᠳᠡᠭᠡᠷ᠎ᠡ | ᠨᠢ ᠬᠠᠪᠰᠤᠷᠤᠨ ᠲᠡᠳᠬᠦᠬᠦ ᠶᠢ ᠰᠠᠶᠢᠲᠤᠷ ᠬᠢᠵᠦ᠂ ᠤᠯᠤᠰ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠲᠡᠷᠡ ᠶᠣᠰᠣᠭᠠᠷ ᠨᠢ ᠪᠡᠶᠡᠯᠡᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠢ ᠵᠣᠯᠭᠠᠭᠤᠯᠬᠤ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠡᠷᠲᠡᠬᠡᠨ ᠰᠤᠳᠤᠯᠤᠨ ᠤᠬᠠᠭᠠᠯᠠᠨ | ᠲᠥᠯᠥᠪᠯᠡᠬᠦ ᠬᠡᠷᠡᠭᠲᠡᠢ᠃ ᠨᠥᠬᠦᠪᠦᠷᠢ ᠮᠥᠩᠭᠦ ᠲᠠᠷᠬᠠᠭᠠᠬᠤ ᠶᠢ ᠵᠢᠷᠤᠮᠵᠢᠭᠤᠯᠵᠤ᠂ ᠲᠣᠬᠢᠷᠠᠭᠤᠯᠤᠯᠲᠠ ᠬᠢᠬᠦ ᠶᠣᠰᠣᠲᠠᠢ ᠶᠢ ᠨᠢ ᠱᠠᠯᠠᠪᠳᠠᠨ ᠲᠣᠬᠢᠷᠠᠭᠤᠯᠤᠯᠲᠠ ᠬᠢᠵᠦ᠂ | ᠨᠥᠬᠦᠪᠦᠷᠢ ᠮᠥᠩᠭᠦ ᠲᠠᠷᠬᠠᠭᠠᠬᠤ ᠳᠠᠭᠠᠨ ᠲᠥᠷᠥ ᠶᠢᠨ ᠪᠣᠳᠣᠯᠭ᠎ᠠ ᠶᠢᠨ ᠲᠣᠭᠲᠠᠭᠠᠭᠰᠠᠨ ᠤᠭ ᠰᠠᠨᠠᠭ᠎ᠠ ᠠᠴᠠ ᠵᠥᠷᠢᠴᠡᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ᠂ | ᠪᠠᠶᠢᠪᠠᠰᠤ ᠵᠣᠬᠢᠬᠤ ᠤᠷᠮᠠᠰᠢᠭᠤᠯᠤᠨ ᠵᠣᠷᠢᠭᠵᠢᠭᠤᠯᠵᠤ ᠵᠢᠯᠤᠭᠤᠳᠬᠤ ᠦᠢᠯᠡᠳᠦᠯ ᠢ ᠨᠢ ᠦᠨᠡᠨ ᠬᠦ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |