ᠥᠨᠥᠳᠦᠷ ᠠᠴᠠ ᠡᠬᠢᠯᠡᠨ ᠭᠤᠶᠤᠴᠢᠯᠠᠨ ᠠᠪᠴᠤ ᠪᠤᠯᠤᠨ᠎ᠠ︕ ᠬᠠᠮᠤᠭ ᠤᠨ ᠥᠨᠳᠥᠷ ᠨᠥᠬᠦᠪᠥᠷᠢ ᠨᠢ 6000 ᠲᠥᠭᠦᠷᠢᠭ
ᠨᠡᠶᠢᠲᠡᠯᠡᠭᠰᠡᠨ ᠴᠠᠭ᠄
2025/5/28
      ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠮᠡᠳᠡᠭᠡ ᠶᠢ ᠦᠨᠳᠦᠰᠦᠯᠡᠪᠡᠯ᠂ 5 ᠰᠠᠷ᠎ᠠ ᠶᠢᠨ 27 ᠤ ᠡᠳᠦᠷ᠂ ᠬᠥᠬᠡᠬᠤᠲᠠ ᠶᠢᠨ 2025 ᠣᠨ ᠤ ᠬᠤᠶᠠᠳᠤᠭᠠᠷ ᠡᠭᠡᠯᠵᠢ ᠶᠢᠨ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠨᠥᠬᠦᠪᠥᠷᠢ ᠥᠭᠬᠦ ᠠᠵᠢᠯᠯᠠᠭ᠎ᠠ ᠡᠬᠢᠯᠡᠪᠡ᠃      ᠨᠢᠭᠡ᠂ ᠨᠥᠬᠦᠪᠥᠷᠢ ᠠᠪᠬᠤ ᠪᠠᠷ ᠭᠤᠶᠤᠴᠢᠯᠠᠬᠤ ᠨᠥᠬᠦᠴᠡᠯ      ︵ᠨᠢᠭᠡ︶ ᠬᠤᠪᠢ ᠶᠢᠨ ᠬᠡᠷᠡᠭᠯᠡᠭᠴᠢ ᠬᠥᠬᠡᠬᠤᠲᠠ ᠳᠤ ᠳᠠᠩᠰᠠᠯᠠᠭᠤᠯᠤᠭᠰᠠᠨ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠠᠴᠠ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠤᠪᠠᠯ ᠨᠥᠬᠦᠪᠥᠷᠢ ᠥᠭᠭᠦᠨ᠎ᠡ᠃ ᠬᠤᠪᠢ ᠬᠥᠮᠦᠨ ᠤ ᠬᠤᠳᠠᠯᠳᠤᠵᠦ ᠠᠪᠤᠬᠰᠠᠨ ᠪᠢᠰᠢ ᠠᠴᠢᠶᠠᠨ ᠲᠡᠷᠭᠡ᠂ ᠭᠠᠷ ᠳᠠᠮᠵᠢᠭᠰᠠᠨ ᠲᠡᠷᠭᠡ ᠨᠢ ᠲᠣᠰ ᠤᠳᠠᠭᠠᠨ ᠤ ᠨᠥᠬᠦᠪᠥᠷᠢ ᠶᠢᠨ ᠬᠡᠪᠴᠢᠶᠡᠨ ᠳᠤ ᠤᠷᠤᠬᠤ ᠥᠬᠡᠶ︔      ︵ᠬᠤᠶᠠᠷ︶ ᠲᠡᠷᠭᠡ ᠬᠤᠳᠠᠯᠳᠤᠨ ᠠᠪᠬᠤ ᠴᠠᠭ ᠨᠢ 2025 ᠣᠨ ᠤ 5 ᠰᠠᠷ᠎ᠠ ᠶᠢᠨ 27 ᠤ ᠡᠳᠦᠷ ᠠᠴᠠ 6 ᠰᠠᠷ᠎ᠠ ᠶᠢᠨ 2 ᠤᠨ ᠡᠳᠦᠷ ︵ᠮᠠᠰᠢᠨ ᠲᠡᠷᠭᠡ ᠪᠣᠷᠣᠯᠠᠭᠤᠯᠤᠭᠰᠠᠨ ᠨᠢᠭᠡᠳᠦᠯᠲᠡᠶ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ︶ ᠪᠣᠯᠤᠨ᠎ᠠ︔      ︵ᠭᠤᠷᠪᠠ︶ ᠨᠥᠬᠦᠪᠥᠷᠢ ᠭᠤᠶᠤᠴᠢᠯᠠᠨ ᠠᠪᠬᠤ ᠴᠠᠭ ᠨᠢ 2025 ᠣᠨ ᠤ 5 ᠰᠠᠷ᠎ᠠ ᠶᠢᠨ 30 ᠤ ᠡᠳᠦᠷ ᠠᠴᠠ 6 ᠰᠠᠷ᠎ᠠ ᠶᠢᠨ 8 ᠤ ᠡᠳᠦᠷ ᠪᠤᠯᠳᠠᠯᠠᠬᠢ ᠬᠤᠭᠤᠴᠠᠭ᠎ᠠ ᠪᠤᠯᠤᠨ᠎ᠠ᠂ ᠤᠷᠢᠳᠠᠪᠠᠷ ᠬᠤᠳᠠᠯᠳᠤᠨ ᠠᠪᠤᠬᠰᠠᠨ ᠳᠤᠨᠢ ᠤᠷᠢᠳᠠᠪᠠᠷ ᠨᠥᠬᠦᠪᠥᠷᠢ ᠦᠭᠴᠦ᠂ ᠨᠥᠬᠦᠪᠥᠷᠢ ᠶᠢᠨ ᠮᠦᠡᠭᠭᠦ ᠶᠢ ᠭᠡᠷᠡᠭᠯᠡᠵᠦ ᠲᠠᠭᠤᠰᠳᠠᠯ᠎ᠠ ᠦᠭᠭᠦᠨ᠎ᠠ︔      ︵ᠳᠥᠷᠪᠡ︶ ᠲᠣᠰ ᠤᠳᠠᠭᠠᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠨᠥᠬᠦᠪᠥᠷᠢ ᠶᠢ ᠬᠤᠰᠢᠭᠤ ᠰᠢᠶᠠᠨ ᠲᠣᠭᠤᠷᠢᠭ ︵ᠨᠡᠭᠡᠭᠡᠯᠲᠡ ᠶᠢᠨ ᠲᠣᠭᠤᠷᠢᠭ︶ ᠤᠨ ᠮᠠᠰᠢᠨ ᠲᠡᠷᠭᠡ ᠬᠤᠳᠠᠯᠳᠤᠨ ᠠᠪᠬᠤ ᠨᠥᠬᠦᠪᠥᠷᠢ ᠲᠠᠢ ᠳᠠᠪᠬᠤᠴᠠᠭᠤᠯᠤᠨ ᠦᠭᠭᠦ ᠥᠬᠡᠶ᠃      ᠬᠤᠶᠠᠷ᠂ ᠨᠥᠬᠦᠪᠥᠷᠢ ᠥᠭᠬᠦ ᠪᠠᠷᠢᠮᠵᠢᠶ᠎ᠠ      ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠤᠭᠰᠠᠨ ᠪᠠᠷᠢᠮᠲᠠ ᠶᠢᠨ ᠵᠣᠭᠤᠰ ᠤᠨ ᠲᠤᠭ᠎ᠠ ︵ᠭᠠᠶᠢᠯᠢ ᠶᠢᠨ ᠦᠨ᠎ᠡ ᠪᠠᠭᠲᠠᠨ᠎ᠠ︶ ᠶᠢ ᠳᠥᠷᠪᠡᠨ ᠳᠡᠰ ᠬᠤᠪᠢᠶᠠᠨ᠎ᠠ᠄      ︵ᠨᠢᠭᠡ︶ ᠮᠠᠰᠢᠨ ᠲᠡᠷᠭᠡ ᠬᠤᠳᠠᠯᠳᠤᠨ ᠠᠪᠤᠭᠰᠠᠨ ᠪᠠᠷᠢᠮᠲᠠ ᠶᠢᠨ ᠵᠣᠭᠤᠰ ᠤᠨ ᠲᠤᠭ᠎ᠠ ᠨᠢ 10 ᠲᠦᠮᠡᠨ ᠲᠥᠭᠦᠷᠢᠭ ︵ᠪᠠᠭᠲᠠᠨ᠎ᠠ︶ ᠠᠴᠠ ᠳᠣᠷᠣᠭᠰᠢ ᠪᠠᠶᠢᠪᠠᠯ ᠲᠡᠷᠭᠡ ᠨᠢᠭᠡᠪᠦᠷᠢ ᠳᠤ 3000 ᠲᠥᠭᠦᠷᠢᠭ ᠤᠨ ᠨᠦᠬᠦᠪᠦᠷᠢ ᠦᠭᠭᠦᠨ᠎ᠡ︔      ︵ᠬᠤᠶᠠᠷ︶ ᠮᠠᠰᠢᠨ ᠲᠡᠷᠭᠡ ᠬᠤᠳᠠᠯᠳᠤᠨ ᠠᠪᠤᠭᠰᠠᠨ ᠪᠠᠷᠢᠮᠲᠠ ᠶᠢᠨ ᠵᠣᠭᠤᠰ ᠤᠨ ᠲᠤᠭ᠎ᠠ ᠨᠢ 10 ᠲᠦᠮᠡᠨ ᠲᠥᠭᠦᠷᠢᠭ ︵ᠪᠠᠭᠲᠠᠬᠤ ᠦᠭᠡᠶ︶ ᠠᠴᠠ 20 ᠲᠦᠮᠡᠨ ᠲᠥᠭᠦᠷᠢᠭ ︵ᠪᠠᠭᠲᠠᠨ᠎ᠠ︶ ᠬᠦᠷᠪᠡᠯ᠂ ᠲᠡᠷᠭᠡ ᠨᠢᠭᠡᠪᠦᠷᠢ ᠳᠤ 4000 ᠲᠥᠭᠦᠷᠢᠭ ᠤᠨ ᠨᠥᠬᠦᠪᠥᠷᠢ ᠥᠭᠭᠦᠨ᠎ᠡ︔      ︵ᠭᠤᠷᠪᠠ︶ ᠮᠠᠰᠢᠨ ᠲᠡᠷᠭᠡ ᠬᠤᠳᠠᠯᠳᠤᠨ ᠠᠪᠤᠭᠰᠠᠨ ᠪᠠᠷᠢᠮᠲᠠ ᠶᠢᠨ ᠵᠣᠭᠤᠰ ᠤᠨ ᠲᠤᠭ᠎ᠠ ᠨᠢ 20 ᠲᠦᠮᠡᠨ ᠲᠥᠭᠦᠷᠢᠭ ︵ᠪᠠᠭᠲᠠᠬᠤ ᠦᠭᠡᠶ︶ ᠠᠴᠠ 30 ᠲᠦᠮᠡᠨ ᠲᠥᠭᠦᠷᠢᠭ ︵ᠪᠠᠭᠲᠠᠨ᠎ᠠ︶ ᠬᠦᠷᠪᠡᠯ᠂ ᠲᠡᠷᠭᠡ ᠨᠢᠭᠡᠪᠦᠷᠢ ᠳᠤ 5000 ᠲᠥᠭᠦᠷᠢᠭ ᠤᠨ ᠨᠥᠬᠦᠪᠥᠷᠢ ᠥᠭᠭᠦᠨ᠎ᠡ︔      ︵ᠳᠥᠷᠪᠡ︶ ᠮᠠᠰᠢᠨ ᠲᠡᠷᠭᠡ ᠬᠤᠳᠠᠯᠳᠤᠨ ᠠᠪᠤᠭᠰᠠᠨ ᠪᠠᠷᠢᠮᠲᠠ ᠶᠢᠨ ᠵᠣᠭᠤᠰ ᠤᠨ ᠲᠤᠭ᠎ᠠ ᠨᠢ 30 ᠲᠦᠮᠡᠨ ᠲᠥᠭᠦᠷᠢᠭ ︵ᠪᠠᠭᠲᠠᠬᠤ ᠦᠭᠡᠶ︶ ᠠᠴᠠ ᠳᠡᠭᠡᠭᠰᠢ ᠪᠠᠶᠢᠪᠠᠯ᠂ ᠲᠡᠷᠭᠡ ᠨᠢᠭᠡᠪᠦᠷᠢ ᠳᠤ 6000 ᠲᠥᠭᠦᠷᠢᠭ ᠤᠨ ᠨᠥᠬᠦᠪᠥᠷᠢ ᠥᠭᠭᠦᠨ᠎ᠡ᠃      ᠭᠤᠷᠪᠠ᠂ ᠭᠤᠶᠤᠴᠢᠯᠠᠨ ᠠᠪᠬᠤ ᠠᠷᠭ᠎ᠠ ᠮᠠᠶ᠋ᠢᠭ      ᠭᠤᠶᠤᠴᠢᠯᠠᠨ ᠠᠪᠤᠭᠴᠢ ᠨᠢ ᠪᠠᠩᠬᠢ ᠶᠢᠨ ᠬᠤᠯᠪᠣᠭᠠᠨ ᠤ ︽ᠡᠭᠦᠯᠡᠨ ᠲᠣᠭᠠᠴᠠᠭ᠎ᠠ ᠬᠢᠬᠦ APP︾ ᠶᠢ ᠪᠠᠭᠤᠯᠭᠠᠨ ᠠᠪᠴᠤ᠂ ᠭᠤᠶᠤᠴᠢᠯᠠᠨ ᠠᠪᠤᠭᠠᠷᠠᠢ︕
ᠢᠷᠡᠯᠲᠡ᠄ ᠠᠷᠠᠳ ᠤᠨ ᠮᠣᠩᠭᠤᠯ ᠰᠦᠯᠵᠢᠶ᠎ᠡ