ᠢᠨᠢᠶᠡᠬᠦ ᠨᠢ ᠡᠷᠡᠭᠦᠯ ᠮᠡᠨᠳᠦ ᠳᠤ ᠲᠠᠪᠤᠨ ᠰᠠᠶᠢᠨ ᠲᠠᠯ᠎ᠠ ᠲᠠᠢ
ᠨᠡᠶᠢᠲᠡᠯᠡᠭᠰᠡᠨ ᠴᠠᠭ᠄
2025/5/29
      1. ᠴᠢᠰᠤᠨ ᠳᠠᠷᠤᠯᠲᠠ ᠶᠢ ᠪᠠᠭᠤᠷᠠᠭᠤᠯᠵᠤ᠂ ᠵᠢᠷᠦᠬᠡ ᠲᠠᠷᠢᠬᠢ ᠶᠢ ᠬᠠᠮᠠᠭᠠᠯᠠᠳᠠᠭ᠃ ᠶᠠᠫᠣᠨ ᠤ ᠰᠤᠳᠤᠯᠭᠠᠳᠡᠳ ᠣᠯᠵᠤ ᠮᠡᠳᠡᠭᠰᠡᠨ ᠨᠢ᠂ ᠲᠣᠷᠰᠢᠯᠳᠠ ᠳᠤ ᠣᠷᠣᠯᠴᠠᠭᠰᠠᠳ ᠢᠨᠢᠶᠡᠳᠤᠮ ᠲᠠᠢ ᠲᠦᠷᠣᠯ ᠤᠨ ᠶᠡᠷᠦᠩᠬᠡᠶᠢᠯᠡᠭᠰᠡᠨ ᠤᠷᠠᠯᠢᠭ ᠤᠨ ᠲᠤᠭᠯᠠᠯᠲᠠ ᠦᠵᠡᠬᠦ ᠦᠶ᠎ᠡ ᠳᠤ᠂ ᠪᠡᠶ᠎ᠡ ᠶᠢᠨ ᠳᠣᠲᠣᠭᠠᠳᠤ ᠡᠷᠬᠡᠲᠡᠨ ᠤ ᠴᠢᠰᠤᠨ ᠤ ᠤᠷᠤᠰᠴᠠ ᠲᠦᠷᠭᠡᠰᠴᠤ᠂ ᠴᠢᠰᠤᠨ ᠤ ᠡᠷᠭᠢᠯᠲᠡ ᠰᠠᠶᠢᠵᠢᠷᠠᠨ᠎ᠠ᠃ ᠡᠭᠦᠨ ᠠᠴᠠ ᠭᠠᠳᠠᠨ᠎ᠠ᠂ ᠬᠥᠮᠦᠰ ᠢ ᠡᠯᠢᠭᠡ ᠬᠦᠰᠢᠳᠡᠯ᠎ᠠ ᠢᠨᠢᠶᠡᠯᠭᠡᠬᠦ ᠱᠤᠭ ᠵᠦᠴᠦᠭᠡ ᠶᠢᠨ ᠺᠢᠨᠣ᠋ ᠨᠢ 24 ᠴᠠᠭ ᠤᠨ ᠳᠣᠲᠣᠷ᠎ᠠ ᠦᠵᠡᠭᠴᠢᠳ ᠲᠤ ᠴᠢᠰᠤᠨ ᠰᠤᠳᠠᠯ ᠢ ᠲᠡᠯᠡᠬᠦᠯᠬᠦ᠂ ᠲᠠᠷᠢᠬᠢᠨ ᠤ ᠴᠢᠰᠤᠨ ᠤ ᠬᠠᠩᠭᠠᠯᠳᠠ ᠶᠢ ᠰᠠᠶᠢᠵᠢᠷᠠᠭᠤᠯᠬᠤ᠂ ᠴᠢᠰᠤᠨ ᠳᠠᠷᠤᠯᠲᠠ ᠶᠢ ᠪᠠᠭᠤᠷᠠᠭᠤᠯᠬᠤ ᠦᠢᠯᠡᠳᠦᠯ ᠦᠵᠡᠭᠦᠯᠳᠡᠭ ᠪᠣᠯᠬᠤᠷ ︽ᠲᠦᠷᠦᠯᠬᠢ ᠴᠢᠰᠤᠨ ᠳᠠᠷᠤᠯᠲᠠ ᠶᠢ ᠪᠠᠭᠤᠷᠠᠭᠤᠯᠬᠤ ᠡᠮ︾ ᠭᠡᠵᠦ ᠬᠡᠯᠡᠵᠦ ᠪᠣᠯᠤᠨ᠎ᠠ᠃ ᠲᠡᠷᠢᠭᠦᠨ ᠰᠤᠳᠤᠯᠤᠭᠴᠢ ᠵᠢᠶᠠᠨ ᠶᠤᠸᠠᠨ ᠴᠦᠨ᠄ ︽ᠢᠨᠢᠶᠡᠬᠦ ᠵᠠᠰᠠᠯ ᠨᠢ ᠡᠮ ᠪᠤᠶᠤ ᠮᠡᠰᠡ ᠵᠠᠰᠠᠯ ᠢᠶᠠᠷ ᠵᠢᠷᠦᠬᠡᠨ ᠡᠪᠡᠳᠴᠢᠨ ᠢ ᠡᠮᠨᠡᠬᠦ ᠶᠢ ᠤᠷᠣᠯᠠᠵᠣ ᠲᠡᠶᠢᠯᠬᠦ ᠦᠭᠡᠢ ᠪᠠᠶᠢᠵᠤ ᠮᠡᠳᠡᠨ᠎ᠡ᠂ ᠭᠡᠪᠡᠴᠦ ᠲᠡᠷᠡ ᠨᠢ ᠦᠨᠡᠬᠡᠷ ᠲᠦᠢᠯ ᠤᠨ ᠢᠳᠡᠪᠬᠢᠲᠡᠶ ᠲᠤᠰᠠᠯᠠᠮᠵᠢ ᠦᠵᠡᠭᠦᠯᠬᠦ ᠦᠢᠯᠡᠳᠦᠯ ᠲᠠᠢ ᠶᠤᠮ᠃︾ ᠭᠡᠵᠡᠢ᠃       2. ᠲᠠᠷᠣᠭᠠᠰᠣ ᠶᠢ ᠠᠷᠢᠯᠭᠠᠨ᠂ ᠭᠠᠩᠰᠠᠷᠠᠬᠤ ᠶᠢ ᠡᠮᠨᠡᠨ ᠵᠠᠰᠠᠳᠠᠭ᠃ ᠢᠨᠢᠶᠡᠬᠦ ᠨᠢ ᠮᠠᠬᠠᠪᠣᠳ ᠤᠨ ᠡᠷᠡᠭᠦᠯ ᠮᠡᠨᠳᠦ ᠳᠤ ᠦᠢᠯᠡᠳᠦᠯ ᠦᠵᠡᠭᠦᠯᠬᠦ ᠶᠢᠨ ᠬᠠᠮᠲᠤ ᠪᠠᠰᠠ ᠰᠡᠳᠬᠢᠴᠡ ᠶᠢᠨ ᠲᠤᠰᠬᠠᠯ ᠢ ᠡᠭᠦᠰᠭᠡᠳᠡᠭ᠂ ᠡᠨᠡ ᠨᠢ ᠳᠠᠷᠤᠶ ᠬᠥᠮᠦᠰ ᠴᠢᠨᠡᠭᠡ ᠪᠠᠷ ᠢᠶᠠᠨ ᠪᠠᠶᠠᠰᠣᠨ ᠢᠨᠢᠶᠡᠭᠰᠡᠨ ᠤ ᠳᠠᠷᠠᠭ᠎ᠠ ᠰᠡᠳᠬᠢᠯ ᠠᠭᠤᠵᠢᠷᠠᠨ ᠲᠠᠭᠠᠯᠠᠮᠵᠢᠲᠠᠶ ᠰᠠᠨᠠᠭᠳᠠᠳᠠᠭ ᠤᠨ ᠤᠴᠢᠷ ᠶᠤᠮ᠃ ᠰᠢᠨᠵᠢᠯᠡᠬᠦ ᠤᠬᠠᠭᠠᠨᠲᠠᠳ ᠨᠢᠭᠡ ᠵᠦᠢᠯ ᠤᠨ ᠰᠢᠨ᠎ᠡ ᠰᠤᠳᠤᠯᠭᠠ ᠠᠴᠠ᠂ ᠬᠦᠮᠣᠰ ᠨᠢᠭᠡ ᠤᠳᠠᠭ᠎ᠠ ᠠᠭᠤᠵᠢᠷᠠᠲᠠᠯ᠎ᠠ ᠢᠨᠢᠶᠡᠪᠡᠯ ᠬᠥᠮᠦᠨ ᠤ ᠪᠡᠶ᠎ᠡ ᠳᠣᠲᠣᠷᠠᠬᠢ ᠬᠦᠷᠦᠰᠦᠮᠡᠭ ᠤᠨ ᠠᠯᠺᠣᠣᠯ᠂ ᠪᠥᠭᠡᠷ᠎ᠡ ᠶᠢᠨ ᠪᠤᠯᠴᠢᠷᠬᠠᠶ ᠶᠢᠨ ᠡᠳ᠋ ᠪᠠ ᠳ᠋ᠦᠸ᠋ᠪᠠᠺᠧ ᠵᠡᠷᠭᠡ ᠭᠤᠷᠪᠠᠨ ᠵᠦᠢᠯ ᠤᠨ ᠳᠠᠷᠤᠯᠲᠠ ᠶᠢᠨ ᠬᠤᠷᠮᠣᠨ ᠤ ᠲᠦᠪᠰᠢᠨ ᠢ ᠲᠤᠰ ᠲᠤᠰ 39%᠂ 70% ᠪᠠ 38% ᠪᠠᠷ ᠪᠠᠭᠤᠷᠠᠭᠤᠯᠬᠤ ᠶᠢ ᠣᠯᠵᠤ ᠮᠡᠳᠡᠵᠡᠢ᠃ ᠰᠤᠳᠤᠯᠭᠠᠳᠡᠳ ᠢᠯᠡᠷᠬᠡᠶᠢᠯᠡᠬᠦ ᠳᠡᠭᠡᠨ᠂ ᠡᠳᠡᠭᠡᠷ ᠦᠵᠡᠬᠦ ᠳᠤ ᠣᠬᠤᠷᠬᠠᠨ ᠬᠤᠭᠤᠴᠠᠭᠠᠨ ᠤ ᠰᠡᠳᠬᠢᠴᠡ ᠶᠢ ᠨᠥᠯᠥᠭᠡᠯᠡᠬᠦ ᠬᠦᠴᠦᠨ ᠵᠦᠶ᠋ᠯ ᠨᠢ ᠡᠴᠤᠰ ᠲᠡᠭᠡᠨ ᠰᠡᠳᠬᠢᠴᠡ ᠶᠢᠨ ᠡᠪᠡᠳᠴᠢᠨ ᠢ ᠵᠠᠰᠠᠬᠤ ᠦᠶ᠋ᠯᠡᠳᠦᠯ ᠭᠠᠷᠭᠠᠵᠤ ᠮᠡᠳᠡᠨ᠎ᠡ᠃ ᠣᠳᠣᠬᠠᠨ ᠳᠤ ᠲᠡᠳᠡ ᠨᠢᠭᠡᠨᠲᠡ ᠢᠨᠢᠶᠡᠬᠦ ᠵᠠᠰᠠᠯ ᠢ ᠲᠠᠷᠣᠭᠠᠰᠣ ᠶᠢ ᠬᠦᠩᠬᠡᠯᠡᠬᠦ ᠪᠠᠭᠠᠵᠢ ᠪᠣᠯᠭᠠᠵᠣ᠂ ᠪᠣᠬᠢᠨᠢᠳᠣᠬᠤ ᠡᠪᠡᠳᠴᠢᠨ ᠪᠠ ᠭᠠᠩᠰᠠᠷᠠᠬᠤ ᠡᠪᠡᠳᠴᠢᠨ ᠲᠠᠢ ᠡᠪᠡᠳᠴᠢᠲᠡᠨ ᠳᠤ ᠥᠷᠭᠡᠨ ᠢᠶᠠᠷ ᠬᠡᠷᠡᠭᠯᠡᠬᠦ ᠪᠠᠷ ᠪᠡᠯᠡᠳᠬᠡᠵᠦ ᠪᠠᠶᠢᠨ᠎ᠠ᠃       3. ᠥᠯᠥ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠧᠷᠢᠺᠠ ᠶᠢᠨ ᠡᠷᠳᠡᠮᠲᠡᠨ ᠯᠢᠪᠥᠸᠧᠺᠧ ᠳ᠋ᠣᠺᠲ᠋ᠣᠷ ᠢᠨᠢᠶᠡᠬᠦ ᠨᠢ ᠬᠥᠮᠦᠨ ᠤ ᠪᠡᠶ᠎ᠡ ᠶᠢᠨ ᠦᠷᠪᠢᠰᠦᠯ ᠤᠨ ᠬᠡᠮᠵᠢᠶ᠎ᠡ ᠶᠢ ᠲᠣᠷᠣᠭᠰᠢᠯᠠᠭᠤᠯᠬᠤ ᠶᠢᠨ ᠬᠠᠮᠲᠤ᠂ ᠯᠢᠮᠪᠠ ᠶᠢᠨ ᠡᠰ ᠤᠨ ᠢᠳᠡᠪᠬᠢ ᠴᠢᠨᠠᠷ ᠢ ᠳᠡᠭᠡᠭᠰᠢᠯᠡᠭᠦᠯᠳᠡᠭ ᠢ ᠰᠤᠳᠤᠯᠤᠨ ᠢᠯᠡᠷᠡᠭᠦᠯᠪᠡ᠃ ᠡᠶᠢᠮᠦ ᠠᠴᠠ ᠢᠨᠢᠶᠡᠬᠦ ᠨᠢ ᠪᠡᠶ᠎ᠡ ᠮᠠᠬᠠᠪᠣᠳ ᠤᠨ ᠵᠣᠬᠢᠴᠠᠭᠠᠣᠯᠬᠤ ᠰᠢᠰᠲ᠋ᠧᠮ ᠤᠨ ᠴᠢᠳᠠᠮᠵᠢ ᠶᠢ ᠨᠡᠮᠡᠭᠳᠡᠭᠦᠯᠵᠦ᠂ ᠪᠡᠶ᠎ᠡ ᠮᠠᠬᠠᠪᠣᠳ ᠢ ᠡᠪᠡᠳᠴᠢᠨ ᠡᠮᠭᠡᠭ ᠠᠴᠠ ᠬᠠᠮᠠᠭᠠᠯᠠᠬᠤ ᠪᠣᠯᠤᠨ᠎ᠠ᠃ ᠯᠢ ᠳ᠋ᠣᠺᠲ᠋ᠣᠷ ᠢᠨᠢᠶᠡᠬᠦ ᠶᠢ ᠢᠳᠡᠭᠡᠨ ᠤᠮᠳᠠᠭᠠᠨ ᠢ ᠲᠡᠩᠴᠡᠭᠦᠯᠬᠦ᠂ ᠢᠳᠡᠪᠬᠢᠲᠡᠢ ᠳᠠᠪᠲᠠᠨ ᠪᠣᠯᠪᠠᠰᠤᠷᠠᠬᠤ ᠪᠠ ᠲᠠᠪᠠᠳᠠᠢ ᠰᠠᠶᠢᠬᠠᠨ ᠣᠨᠳᠠᠬᠤ ᠲᠠᠢ ᠠᠳᠠᠯᠢ ᠴᠢᠬᠤᠯᠠᠴᠢᠯᠠᠵᠦ᠂ ᠲᠡᠭᠦᠨ ᠢ ᠤᠯᠠᠮᠵᠢᠯᠠᠯᠲᠤ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠳᠤ ᠣᠷᠣᠭᠤᠯᠪᠠ᠃       4. ᠡᠪᠡᠳᠬᠦ ᠶᠢ ᠨᠠᠮᠳᠠᠭᠤᠯᠳᠠᠭ᠃ ᠰᠤᠳᠤᠯᠭᠠᠳᠡᠳ ᠠᠯᠢ ᠣᠯᠠᠨ ᠲᠣᠷᠰᠢᠯᠳᠠ ᠪᠠᠷ ᠳᠠᠮᠵᠢᠨ ᠣᠯᠵᠤ ᠮᠡᠳᠡᠭᠰᠡᠨ ᠨᠢ᠂ ᠲᠣᠷᠰᠢᠯᠳᠠ ᠳᠤ ᠣᠷᠣᠯᠴᠠᠭᠰᠠᠳ ᠨᠢ ᠨᠢᠭᠡ ᠪᠦᠯᠦᠭ ᠬᠥᠮᠦᠰ ᠲᠠᠢ ᠬᠠᠮᠲᠤ ᠶᠡᠭᠡ ᠪᠠᠷ ᠢᠨᠢᠶᠡᠬᠦ ᠦᠶᠡᠰ᠂ ᠲᠡᠳᠡᠨ ᠤ ᠡᠪᠡᠳᠬᠦ ᠶᠢ ᠲᠡᠰᠪᠤᠷᠢᠯᠡᠬᠦ ᠬᠡᠮᠵᠢᠶ᠎ᠡ ᠨᠢ ᠢᠯᠡᠳᠲᠡ ᠳᠡᠭᠡᠭᠰᠢᠯᠡᠪᠡ᠃ ᠳᠠᠷᠠᠭ᠎ᠠ ᠨᠢ᠂ ᠶᠠᠷᠢᠶᠠᠨ ᠤ ᠰᠡᠳᠦᠪ ᠨᠢ ᠲᠡᠶᠢᠮᠦ ᠢᠨᠢᠶᠡᠳᠦᠮ ᠲᠠᠢ ᠶᠠᠪᠤᠳᠠᠯ ᠪᠢᠰᠢ ᠪᠣᠯᠬᠤ ᠦᠶ᠎ᠡ ᠳᠤ᠂ ᠲᠣᠷᠰᠢᠯᠳᠠ ᠳᠤ ᠣᠷᠣᠯᠴᠠᠭᠰᠠᠳ ᠤᠨ ᠡᠪᠡᠳᠬᠦ ᠶᠢ ᠲᠠᠰᠪᠤᠷᠢᠯᠡᠬᠦ ᠴᠢᠳᠠᠪᠤᠷᠢ ᠨᠢ ᠲᠤᠷᠤᠭᠰᠢᠯᠠᠵᠠᠢ᠃ ᠲᠤᠰᠬᠠᠶ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠢᠨᠢᠶᠡᠪᠡᠯ ᠡᠪᠡᠳᠬᠦ ᠳᠠᠷᠤᠭᠳᠠᠳᠠᠭ ᠤᠨ ᠤᠴᠢᠷ ᠨᠢ ᠪᠠᠷᠤᠭ ᠪᠡᠶ᠎ᠡ ᠮᠠᠬᠠᠪᠣᠳ ᠨᠢ ᠲᠡᠭᠦᠨ ᠢ ᠳᠠᠭᠠᠯᠳᠤᠨ ᠲᠤᠲᠤᠭᠠᠳᠤ ᠲᠠᠶᠢᠪᠤᠰᠢᠷᠠᠯ ᠢ ᠪᠤᠢ ᠪᠤᠯᠭᠠᠭᠰᠠᠨ ᠠᠴᠠ ᠪᠣᠯᠤᠭᠰᠠᠨ ᠪᠠᠶᠢᠵᠤ ᠮᠡᠳᠡᠨ᠎ᠡ ᠭᠡᠵᠡᠶ᠃ ᠡᠨᠡ ᠪᠣᠯ ᠨᠢᠭᠡ ᠵᠦᠢᠯ ᠤᠨ ᠲᠦᠷᠦᠯᠬᠢ ᠡᠪᠡᠳᠬᠦ ᠶᠢ ᠵᠣᠭᠰᠣᠭᠠᠬᠤ ᠡᠮ ᠮᠥᠨ᠂ ᠡᠨᠡ ᠨᠢ ᠪᠢᠳᠡᠨ ᠤ ᠡᠪᠡᠳᠬᠦ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠭᠰᠡᠨ ᠪᠠᠶᠢᠨ᠎ᠠ᠃       5. ᠬᠦᠮᠣᠨ ᠤ ᠪᠡᠶ᠎ᠡ ᠶᠢᠨ ᠢᠯᠴᠢ ᠶᠢᠨ ᠬᠡᠮᠵᠢᠶ᠎ᠡ ᠶᠢ ᠳᠡᠭᠡᠭᠰᠢᠯᠡᠭᠦᠯᠳᠡᠭ᠃ ᠠᠮᠧᠷᠢᠺᠠ ᠶᠢᠨ ᠰᠤᠳᠤᠯᠭᠠᠳᠡᠳ ᠢᠯᠡᠷᠬᠡᠶᠢᠯᠡᠬᠦ ᠳᠡᠭᠡᠨ᠂ ᠬᠡᠳᠦ᠋ᠢᠪᠡᠷ ᠢᠨᠢᠶᠡᠵᠦ ᠨᠢ ᠬᠥᠳᠡᠯᠭᠡᠭᠡᠨ ᠤ ᠪᠣᠯᠪᠠᠰᠤᠷᠠᠯ ᠢ ᠣᠷᠣᠯᠠᠵᠤ ᠲᠡᠶᠢᠯᠬᠦ ᠥᠬᠡᠶ ᠪᠣᠯᠪᠠᠴᠤ ᠢᠨᠢᠶᠡᠬᠦ ᠳᠠᠭᠤᠨ ᠨᠢ 10 ~ 15 ᠮᠢᠨᠦ᠋ᠲ ᠦᠷᠬᠦᠯᠵᠢᠯᠡᠪᠡᠯ 40 ᠺᠠᠯᠦᠸᠧᠯᠢ ᠬᠦᠷᠬᠦ ᠢᠯᠴᠢ ᠭᠠᠷᠭᠠᠵᠦ ᠴᠢᠳᠠᠨ᠎ᠠ ᠭᠡᠵᠡᠶ᠃ ᠡᠭᠦᠨ ᠢᠶᠠᠷ ᠪᠠᠷᠠᠬᠤ ᠦᠭᠡᠢ᠂ ᠶᠡᠭᠡ ᠪᠠᠷ ᠢᠨᠢᠶᠡᠬᠦ ᠨᠢ ᠪᠠᠰᠠ ᠬᠡᠪᠡᠯᠢ ᠂ ᠮᠥᠷᠥ᠂ ᠪᠤᠯᠴᠢᠩ ᠵᠡᠷᠭᠡ ᠪᠡᠶ᠎ᠡ ᠶᠢᠨ ᠡᠷᠬᠡᠲᠡᠨ ᠢ ᠳᠠᠪᠲᠠᠨ ᠪᠤᠯᠪᠠᠰᠤᠷᠠᠭᠤᠯᠵᠦ ᠴᠢᠳᠠᠳᠠᠭ᠃
ᠢᠷᠡᠯᠲᠡ᠄ ᠬᠤᠯᠪᠤᠭ᠎ᠠ ᠰᠦᠯᠵᠢᠶ᠎ᠡ