ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2025 ᠤᠨ ᠤ 5 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/29
      5 ᠰᠠᠷ᠎ᠠ ᠶᠢᠨ 28 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ 5 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ ᠶᠢᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠲᠤᠬᠠᠢ ᠨᠠᠢᠮᠠᠨ ᠵᠣᠷᠪᠣᠰ ᠲᠣᠭᠲᠠᠭᠠᠯ︾᠂ ︽ᠲᠥᠪ ᠤᠨ ᠨᠠᠢᠮᠠᠨ ᠵᠣᠷᠪᠣᠰ ᠲᠣᠭᠲᠠᠭᠠᠯ ᠢ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠪᠠ︔ ᠭᠤᠣᠯ ᠳᠤᠭᠤᠶᠢᠯᠠᠩ ᠤᠨ ᠪᠦᠷᠢᠯᠳᠦᠬᠦᠨ ᠨᠠᠷ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ︾ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃      ᠬᠤᠷᠠᠯ ᠠᠴᠠ᠂ ᠰᠤᠷᠴᠤ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠤᠳᠤᠷᠢᠳᠬᠤ ᠺᠠᠳ᠋ᠷᠴᠤᠳ ᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠷᠢᠳᠠᠪᠠᠷ ᠰᠤᠷᠤᠯᠴᠠᠬᠤ᠂ ᠭᠦᠨᠵᠡᠭᠡᠢ ᠰᠤᠷᠤᠯᠴᠠᠬᠤ ᠪᠠᠷ ᠳᠠᠮᠵᠢᠨ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ᠂ ᠪᠦᠬᠦᠯᠢ ᠴᠣᠭᠴᠠ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠵᠤ᠂ ᠱᠠᠯᠠᠪᠳᠠᠭᠤᠯᠤᠨ ᠪᠠᠶᠢᠴᠠᠭᠠᠵᠤ᠂ ᠰᠤᠷᠲᠠᠯ ᠪᠠ ᠢᠯᠵᠡᠷᠡᠯ ᠢ ᠵᠡᠷᠭᠡᠪᠡᠷ ᠪᠠᠶᠢᠴᠠᠭᠠᠵᠤ ᠵᠡᠷᠭᠡᠪᠡᠷ ᠵᠠᠰᠠᠬᠤ ᠶᠢ ᠠᠬᠢᠭᠤᠯᠬᠤ ᠬᠡᠷᠡᠭᠲᠡᠢ᠃ ᠪᠡᠶ᠎ᠡ ᠪᠠᠷ ᠢᠶᠠᠨ ᠬᠡᠪ ᠳᠠᠭᠤᠷᠢᠶᠠᠯ ᠪᠣᠯᠬᠤ ᠪᠠᠶᠢᠭᠤᠯᠭ᠎ᠠ ᠶᠢᠨ ᠰᠢᠨ᠎ᠡ ᠰᠤᠷᠲᠠᠯ ᠢ ᠪᠤᠢ ᠪᠣᠯᠭᠠᠨ᠂ ︽ᠲᠦᠷᠪᠡᠨ ᠰᠤᠷᠲᠠᠯ︾ ᠤᠨ ᠠᠷᠬᠠᠭ ᠭᠡᠮ ᠢ ᠡᠷᠡᠰ ᠵᠠᠯᠠᠷᠠᠭᠤᠯᠤᠨ ᠵᠠᠰᠠᠵᠤ᠂ ᠴᠠᠭ ᠦᠶ᠎ᠡ ᠶᠢᠨ ᠰᠢᠨ᠎ᠡ ᠰᠤᠷᠲᠠᠯ ᠢ ᠢᠳᠡᠪᠬᠢᠲᠡᠢ ᠪᠤᠶᠢᠵᠢᠭᠤᠯᠵᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠰᠢᠯᠢᠳᠡᠭ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠲᠠᠶᠢᠴᠢᠯᠠᠨ ᠥᠭᠡᠳᠡᠯᠡᠨ ᠲᠠᠪᠰᠢᠬᠤ ᠶᠢ ᠳᠠᠶᠢᠴᠢᠯᠠᠬᠤ ᠬᠡᠷᠡᠭᠲᠡᠢ᠃ ᠲᠦᠷᠢᠮ ᠲᠣᠭᠲᠠᠴᠠ ᠶᠢ ᠲᠡᠭᠦᠯᠳᠡᠷᠵᠢᠭᠦᠯᠦᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠶ ᠲᠠᠢ ᠪᠠᠨ ᠤᠶᠠᠯᠳᠤᠭᠤᠯᠤᠨ᠂ ᠭᠦᠨᠵᠡᠭᠡᠶ ᠪᠣᠳᠣᠯᠬᠢᠯᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠪᠣᠳᠠᠲᠠᠶ ᠠᠷᠭ᠎ᠠ ᠬᠡᠮᠵᠢᠶ᠎ᠡ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠢᠯᠢᠳᠡᠭ ᠰᠤᠷᠲᠠᠯ᠂ ᠬᠥᠭᠵᠢᠯᠲᠡ ᠶᠢ ᠲᠦᠷᠭᠡᠳᠬᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠦᠨᠡᠨᠬᠦ ᠬᠤᠪᠢᠷᠠᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠠᠮᠢᠵᠢᠷᠠᠯ ᠤᠨ ᠬᠦᠴᠦᠨ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ