ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/29
      5 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠨᠡᠶᠢᠭᠡᠮ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠷᠠᠯ ᠡᠷᠬᠢᠯᠡᠨ ᠶᠠᠷᠢᠶ᠎ᠠ ᠲᠠᠯᠪᠢᠪᠠ᠃      ᠬᠤᠷᠠᠯ ᠠᠴᠠ᠂ ᠨᠢᠭᠡ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠵᠦ᠂ ︽ᠵᠢᠷᠭᠤᠭᠠᠨ ᠠᠵᠢᠯᠯᠠᠭ᠎ᠠ︾ ᠶᠢ ᠪᠣᠳᠠᠲᠠᠢ ᠠᠳᠬᠤᠵᠤ᠂ ︽ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ︾ ᠢ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠲᠤᠯᠤᠭᠠᠨ ᠵᠢᠱᠢᠶᠡᠴᠢ︾ ᠪᠣᠯᠬᠤ ᠬᠡᠷᠡᠭᠲᠡᠢ᠃ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭᠠᠨ ᠳᠠᠬᠢ ᠨᠠᠮ ᠤᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠪᠦᠲᠦᠮᠵᠢᠲᠡᠢ ᠨᠠᠮ ᠤᠨ ᠪᠠᠶᠢᠭᠤᠯᠤᠯᠲᠠ ᠶᠢᠨ ᠠᠷᠭ᠎ᠠ ᠶᠢ ᠢᠳᠡᠪᠬᠢᠲᠡᠢ ᠰᠦᠪᠡᠭᠴᠢᠯᠡᠵᠦ᠂ ︽ᠶᠠᠭᠠᠬᠢᠵᠤ ᠪᠠᠶᠢᠭᠤᠯᠬᠤ︾᠂ ︽ᠶᠠᠭᠠᠬᠢᠵᠤ ᠬᠡᠷᠡᠭᠯᠡᠬᠦ︾᠂ ︽ᠬᠡᠨ ᠬᠠᠷᠢᠭᠤᠴᠠᠬᠤ︾ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭᠠᠨ ᠤ ᠡᠯ᠎ᠡ ᠲᠦᠷᠦᠯ ᠤᠨ ᠪᠦᠯᠬᠦᠮ ᠨᠡᠶᠢᠲᠡ ᠶᠢ ᠬᠦᠳᠦᠯᠦᠨ ᠵᠢᠯᠣᠭᠤᠳᠴᠤ ᠪᠠᠶᠢᠭᠠᠳ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠶᠢ ᠭᠦᠨᠵᠡᠭᠡᠢ ᠠᠬᠢᠭᠤᠯᠵᠤ᠂ ᠵᠠᠰᠠᠯᠲᠠ ᠶᠢᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠰᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠨ ᠦᠨᠡᠨᠬᠦ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠠᠶᠢᠲᠤᠷ ᠠᠰᠢᠭᠯᠠᠵᠤ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠪᠠᠷᠢᠮᠲᠠᠯᠠᠨ ᠬᠥᠭᠵᠢᠭᠦᠯᠵᠦ᠂ ︽ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠰᠠᠶᠢᠨ ᠳᠤᠷ᠎ᠠ ᠶᠢᠨ ᠦᠢᠯᠡᠴᠢᠯᠡᠭᠡ︾ ᠶᠢᠨ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠠᠷᠠᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠤᠯᠠᠨ ᠲᠦᠮᠡᠨ ᠲᠠᠢ ᠪᠦᠯᠬᠦᠮᠳᠡᠨ ᠦᠢᠯᠡᠴᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠷᠠᠳ ᠲᠦᠮᠡᠨ ᠤ ᠰᠠᠨᠠᠭᠤᠯᠭ᠎ᠠ ᠶᠢ ᠴᠤᠭᠯᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠪᠠ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠠᠵᠢᠯᠳᠠᠨ ᠤ ᠡᠩᠨᠡᠭᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠠᠷᠠᠳ ᠤᠨ ᠵᠣᠪᠠᠨᠢᠯ ᠢ ᠨᠡᠩ ᠰᠠᠶᠢᠲᠤᠷ ᠰᠢᠢᠳᠪᠦᠷᠢᠯᠡᠵᠦ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠵᠦ᠂ ᠠᠷᠠᠳ ᠤᠨ ᠰᠡᠳᠬᠢᠯ ᠢ ᠨᠢᠭᠲᠠᠷᠠᠭᠤᠯᠬᠤ ᠬᠡᠷᠡᠭᠲᠡᠢ᠃ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠲᠦᠷᠢᠮ ᠲᠣᠭᠲᠠᠴᠠ ᠶᠢ ᠰᠢᠯᠢᠳᠡᠭᠵᠢᠭᠦᠯᠬᠦ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠬᠦ ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠡᠶᠢᠭᠡᠮ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠬᠡᠰᠡᠭ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ