2025 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠤᠳᠠᠯ ᠦᠭᠡᠢ ᠶᠠᠪᠤᠭᠳᠠᠬᠤ ᠪᠠᠷ ᠪᠤᠢ᠂ | ᠰᠢᠯᠭᠠᠯᠲᠠ ᠪᠠᠷ ᠰᠤᠷᠤᠬᠴᠢ ᠡᠯᠰᠡᠬᠦ ᠣᠷᠴᠢᠨ ᠢ ᠴᠡᠪᠡᠷᠰᠢᠭᠦᠯᠵᠦ᠂ ᠰᠢᠯᠭᠠᠭᠤᠯᠤᠭᠴᠢ ᠵᠢᠴᠢ ᠭᠡᠷ ᠤᠨ ᠠᠬᠠᠮᠠᠳ ᠤᠨ ᠡᠷᠬᠡ ᠠᠰᠢᠭ ᠢ ᠬᠠᠮᠠᠭᠠᠯᠠᠨ᠂ ︽ᠠᠮᠤᠷ | ᠲᠦᠪᠰᠢᠨ ᠤᠯᠤᠰ ᠤᠨ ᠨᠢᠭᠡᠳᠦᠯᠲᠡᠢ ᠰᠢᠯᠭᠠᠯᠲᠠ︾ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ | ᠪᠦᠬᠦᠢ ᠱᠠᠭᠠᠷᠳᠠᠯᠭ᠎ᠠ ᠶᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠰᠣᠷᠣᠭᠴᠢ ᠶᠢᠨ ᠰᠢᠯᠭᠠᠯᠲᠠ ᠳᠤ ᠬᠤᠯᠪᠣᠭᠳᠠᠬᠤ ᠬᠠᠮᠢᠶ᠎ᠠ ᠪᠦᠬᠦᠢ ᠪᠤᠯᠪᠠᠰᠤᠷᠠᠯ ᠢ ᠬᠤᠳᠠᠯ ᠬᠠᠭᠤᠷᠮᠠᠭ ᠢᠶᠠᠷ ᠤᠬᠠᠭᠤᠯᠵᠤ᠂ ᠪᠤᠯᠪᠠᠰᠤᠷᠠᠯ ᠤᠨ ᠦᠷ᠎ᠡ | ᠪᠦᠲᠦᠮᠵᠢ ᠶᠢ ᠥᠰᠬᠡᠭᠡᠨ ᠳᠥᠰᠬᠡᠭᠡᠨ ᠲᠠᠢ ᠶᠠᠷᠢᠵᠥ᠂ ᠰᠣᠷᠣᠭᠴᠢ ᠵᠢᠴᠢ ᠭᠡᠷ ᠤᠨ ᠠᠬᠠᠮᠠᠳ ᠢ ᠪᠤᠷᠤᠭᠤ ᠪᠠᠷ ᠬᠥᠲᠥᠯᠤᠨ ᠵᠢᠯᠤᠭᠤᠳᠴᠤ ᠪᠣᠯᠬᠤ ᠦᠭᠡᠢ᠃ | ᠬᠤᠶᠠᠷ᠂ ᠶᠠᠮᠠᠷᠪᠠ ᠬᠡᠯᠪᠡᠷᠢ ᠪᠠᠷ ᠰᠢᠯᠭᠠᠯᠲᠠ ᠳᠤ ᠬᠡᠮ ᠬᠢᠬᠦ ᠶᠢ ᠥᠳᠥᠭᠡᠵᠦ᠂ ᠬᠠᠪᠰᠤᠷᠴᠤ᠂ ᠣᠷᠣᠯᠴᠠᠵᠤ᠂ ᠵᠣᠬᠢᠶᠠᠨ ᠪᠠᠶᠢᠭᠤᠯᠵᠤ ᠪᠣᠯᠬᠤ ᠦᠭᠡᠢ᠃ | ᠭᠤᠷᠪᠠ᠂ ᠰᠢᠯᠭᠠᠯᠲᠠ ᠪᠠ ᠰᠤᠷᠤᠬᠴᠢ ᠡᠯᠰᠡᠬᠦ ᠳᠤ ᠬᠤᠯᠪᠣᠭᠳᠠᠭᠰᠠᠨ ᠰᠡᠷᠬᠡᠭ ᠮᠡᠳᠡᠭᠡ ᠵᠠᠩᠬᠢ ᠪᠠ ᠶᠠᠷᠢᠶᠠᠨ ᠤ ᠰᠡᠳᠦᠪ ᠢ ᠬᠠᠭᠤᠷᠮᠠᠭᠯᠠᠨ ᠵᠤᠬᠢᠶᠠᠬᠤ ᠪᠤᠶᠤ | ᠥᠰᠬᠡᠭᠡᠨ ᠳᠥᠰᠬᠡᠭᠡᠨ ᠲᠠᠢ ᠶᠠᠷᠢᠵᠥ᠂ ᠤᠯᠠᠮᠵᠢᠯᠠᠨ ᠲᠠᠷᠬᠠᠭᠠᠵᠤ᠂ ᠰᠤᠷᠭᠠᠨ ᠬᠥᠮᠦᠵᠢᠯ ᠤᠨ ᠵᠤᠪᠠᠨᠢᠯ ᠡᠭᠦᠰᠬᠡᠵᠦ᠂ ᠰᠢᠯᠭᠠᠯᠲᠠ ᠪᠠᠷ ᠰᠣᠷᠣᠭᠴᠢ ᠡᠯᠰᠡᠬᠦ ᠡᠮᠬᠢ | ᠲᠢᠭᠯᠢᠮ ᠢ ᠡᠪᠳᠡᠵᠦ ᠪᠣᠯᠬᠤ ᠦᠭᠡᠢ᠃ | ᠳᠥᠷᠪᠡ᠂ ︽ᠰᠢᠯᠭᠠᠯᠲᠠ ᠶᠢᠨ ᠰᠡᠳᠦᠪ︾᠂ ︽ᠰᠡᠳᠦᠪ ᠤᠨ ᠬᠠᠷᠢᠭᠤᠯᠲᠠ︾᠂ ︽ᠳᠣᠲᠣᠭᠠᠳᠤ ᠶᠢᠨ ᠰᠣᠷᠣᠭᠴᠢ ᠡᠯᠰᠡᠬᠦ ᠭᠦᠢᠴᠡᠳᠬᠡᠯ ᠲᠤᠭ᠎ᠠ︾ ᠭᠡᠮᠡᠨ | ᠬᠤᠳᠠᠯᠳᠤᠭᠠᠯᠠᠬᠤ ᠮᠡᠬᠡᠯᠡᠯ ᠤᠨ ᠴᠢᠨᠠᠷᠲᠠᠢ ᠦᠢᠯᠡ ᠠᠵᠢᠯᠯᠠᠭ᠎ᠠ ᠪᠠᠷ ᠳᠠᠮᠵᠢᠭᠤᠯᠤᠨ ᠰᠢᠯᠭᠠᠯᠲᠠ ᠪᠠ ᠰᠤᠷᠤᠬᠴᠢ ᠡᠯᠰᠡᠬᠦ ᠳᠤ ᠬᠤᠯᠪᠣᠭᠳᠠᠭᠰᠠᠨ ᠮᠡᠬᠡᠯᠡᠯ ᠤᠨ | ᠠᠵᠢᠯᠯᠠᠭ᠎ᠠ ᠶᠢ ᠬᠢᠵᠥ ᠪᠣᠯᠬᠤ ᠦᠭᠡᠢ᠃ | ᠲᠠᠪᠤ᠂ ᠰᠢᠯᠭᠠᠯᠲᠠ ᠶᠢᠨ ᠲᠠᠯᠠᠪᠠᠶ ᠳᠤ ᠣᠷᠣᠵᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠲᠠ ᠶᠢᠨ ᠰᠡᠳᠦᠪ | ᠴᠤᠭᠯᠠᠭᠤᠯᠬᠤ ᠶᠢ ᠵᠣᠬᠢᠶᠠᠨ ᠪᠠᠶᠢᠭᠤᠯᠬᠤ ᠪᠤᠶᠤ ᠣᠷᠣᠯᠴᠠᠵᠤ ᠪᠣᠯᠬᠤ ᠦᠭᠡᠢ᠂ ᠲᠣᠭᠲᠠᠭᠠᠯ ᠠᠴᠠ ᠵᠥᠷᠢᠴᠡᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠵᠢᠩᠬᠢᠨᠢ ᠰᠡᠳᠦᠪ ᠤᠨ ᠤᠭ ᠬᠠᠭᠤᠳᠠᠰᠤ ᠶᠢ ᠨᠡᠶᠢᠲᠡᠯᠡᠵᠦ ᠲᠠᠷᠬᠠᠭᠠᠵᠤ ᠪᠣᠯᠬᠤ ᠦᠭᠡᠢ᠃ | ᠵᠢᠷᠭᠤᠭ᠎ᠠ᠂ ᠰᠢᠯᠭᠠᠯᠲᠠ ᠶᠢᠨ ᠴᠡᠭ᠂ ᠰᠤᠷᠭᠠᠭᠤᠯᠢ ᠶᠢᠨ ᠡᠷᠭᠢᠨ ᠲᠣᠭᠤᠷᠢᠨ ᠵᠡᠷᠭᠡ ᠳᠤ ᠰᠤᠷᠤᠭᠴᠢ ᠡᠯᠰᠡᠬᠦ ᠤᠬᠠᠭᠤᠯᠭ᠎ᠠ ᠶᠢ ᠵᠣᠬᠢᠶᠠᠨ ᠪᠠᠶᠢᠭᠤᠯᠵᠤ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ ᠪᠣᠯᠬᠤ ᠦᠭᠡᠢ᠃ | ᠳᠣᠯᠤᠭ᠎ᠠ᠂ ᠶᠠᠮᠠᠷᠪᠠ ᠬᠡᠯᠪᠡᠷᠢ ᠪᠠᠷ ︽ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠲᠠ ᠶᠢᠨ ᠮᠠᠩᠯᠠᠢ︾᠂ ︽ᠶᠡᠭᠡ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠲᠠ ᠶᠢᠨ ᠪᠠᠶᠠᠷ ᠤᠨ ᠮᠡᠳᠡᠭᠡ︾᠂ ︽ᠶᠡᠭᠡ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠤᠯᠤᠰ ᠤᠨ ᠨᠢᠬᠡᠳᠦᠯᠳᠡᠢ ᠰᠢᠯᠭᠠᠯᠲᠠ ᠪᠠᠷ ᠳᠠᠮᠵᠢᠨ ᠰᠤᠷᠭᠠᠭᠤᠯᠢ ᠳᠡᠪᠰᠢᠭᠰᠡᠨ ᠨᠣᠷᠮ᠎ᠠ︾᠂ ︽ᠦᠨᠳᠦᠷ ᠬᠤᠪᠢ ᠰᠢᠯᠭᠠᠭᠰᠠᠨ ᠰᠣᠷᠣᠭᠴᠢ︾᠂ ᠲᠣᠰ | ᠪᠠᠶᠢᠭᠤᠯᠤᠮᠵᠢ ᠶᠢᠨ ︽ᠨᠡᠷᠡᠰ ᠤᠨ ᠵᠢᠭᠰᠠᠭᠠᠯᠳᠠ ᠳᠤ ᠤᠷᠤᠭᠰᠠᠨ ᠨᠣᠷᠮ᠎ᠠ︾᠂ ︽ᠡᠯᠰᠡᠭᠳᠡᠭᠰᠡᠨ ᠨᠣᠷᠮ᠎ᠠ︾ ᠵᠡᠷᠭᠡ ᠶᠢ ᠨᠡᠶᠢᠲᠡᠯᠡᠨ ᠤᠬᠠᠭᠤᠯᠵᠤ ᠬᠦᠭᠡᠷᠭᠡᠳᠡᠵᠦ | ᠪᠣᠯᠬᠤ ᠦᠭᠡᠢ︔ ᠰᠢᠯᠭᠠᠯᠲᠠ ᠶᠢᠨ ᠰᠡᠳᠦᠪ ᠪᠠ ᠡᠯᠰᠡᠭᠰᠡᠨ ᠦᠷ᠎ᠡ ᠳ᠋ᠦᠩ ᠢ ᠤᠬᠠᠭᠤᠯᠵᠤ᠂ ᠬᠥᠭᠡᠷᠭᠡᠳᠡᠵᠦ ᠪᠣᠯᠬᠤ ᠦᠭᠡᠢ︔ ᠮᠠᠭᠤ ᠤᠳᠤᠷᠢᠳᠤᠮᠵᠢ ᠶᠢ | ᠤᠯᠠᠮᠵᠢᠯᠠᠨ ᠳᠡᠯᠭᠡᠷᠡᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠮᠠᠭᠤ ᠰᠠᠨᠠᠭ᠎ᠠ ᠡᠪᠤᠷᠯᠠᠨ ᠭᠠᠵᠢᠭᠤᠳᠠᠭᠤᠯᠵᠤ ᠪᠣᠯᠬᠤ ᠦᠭᠡᠢ᠃ | ᠨᠠᠢᠮᠠ᠂ ᠡᠵᠡᠩᠨᠡᠯᠲᠡ ᠶᠢᠨ ᠬᠡᠪᠴᠢᠶ᠎ᠡ ᠠᠴᠠ ᠳᠠᠪᠠᠭ᠋ᠤ ᠪᠤᠶᠤ ᠵᠢᠷᠤᠮᠵᠢᠯ ᠤᠨ ᠱᠠᠭᠠᠷᠳᠠᠯᠭ᠎ᠠ ᠠᠴᠠ ᠵᠥᠷᠢᠴᠡᠨ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠡᠷᠡᠮᠡᠯᠵᠡᠯ ᠲᠠᠭᠯᠠᠬᠤ ᠵᠡᠷᠭᠡ ᠯᠠᠪᠯᠠᠯᠭ᠎ᠠ ᠶᠢᠨ ᠦᠢᠯᠡᠴᠢᠯᠡᠭᠡ ᠶᠢ ᠲᠣᠭᠲᠠᠭᠠᠯ ᠠᠴᠠ ᠵᠥᠷᠢᠴᠡᠨ ᠥᠷᠨᠢᠭᠦᠯᠵᠦ | ᠪᠣᠯᠬᠤ ᠦᠭᠡᠢ ᠪᠥᠭᠡᠳ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠵᠤ ᠪᠣᠯᠬᠤ ᠦᠭᠡᠢ᠃ ᠵᠢᠰᠦ᠂ ᠵᠠᠰᠠᠭ ᠤᠨ ᠣᠷᠳᠣᠨ ᠤ ᠪᠠᠶᠢᠭᠤᠯᠤᠮᠵᠢ᠂ ᠠᠵᠢᠯ | ᠦᠢᠯᠡᠰ ᠤᠨ ᠨᠢᠭᠡᠴᠢ ᠪᠣᠯᠣᠨ ᠰᠤᠷᠤᠭᠴᠢ ᠡᠯᠰᠡᠬᠦ ᠨᠢᠭᠡᠴᠢ ᠶᠢᠨ ᠠᠯᠪᠠᠨ ᠤ ᠰᠦᠯᠵᠢᠶ᠎ᠡ᠂ ᠤᠯᠠᠨ ᠨᠡᠶᠢᠲᠡ ᠶᠢᠨ ᠲᠠᠪᠴᠠᠩ ᠵᠡᠷᠭᠡ ᠶᠢ ᠬᠠᠭᠤᠷᠮᠠᠭ ᠢᠶᠠᠷ | ᠤᠷᠤᠯᠠᠭᠤᠯᠤᠨ᠂ ᠰᠢᠯᠭᠠᠯᠲᠠ ᠪᠠᠷ ᠰᠤᠷᠤᠭᠴᠢ ᠡᠯᠰᠡᠬᠦ ᠵᠡᠷᠭᠡ ᠦᠢᠯᠡ ᠠᠵᠢᠯᠯᠠᠭ᠎ᠠ ᠶᠢ ᠲᠣᠭᠲᠠᠭᠠᠯ ᠠᠴᠠ ᠵᠥᠷᠢᠴᠡᠨ ᠥᠷᠨᠢᠭᠦᠯᠵᠦ ᠪᠣᠯᠬᠤ ᠦᠭᠡᠢ᠃ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠢᠯᠡᠷᠡᠬᠦᠯᠪᠡᠯ ᠴᠢᠩᠭ᠎ᠠ ᠪᠠᠶᠢᠴᠠᠭᠠᠨ ᠰᠶᠢᠳᠪᠦᠷᠢᠯᠡᠵᠦ᠂ ᠶᠠᠯ᠎ᠠ ᠳᠤ ᠬᠦᠷᠦᠭᠰᠡᠨ | ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2025 ᠣᠨ ᠤ 5 ᠰᠠᠷ᠎ᠠ ᠶᠢᠨ 26 ᠤ ᠡᠳᠦᠷ |