6 ᠰᠠᠷ᠎ᠠ ᠳᠤ ᠭᠡᠷᠡᠭᠵᠢᠬᠦᠯᠬᠦ ᠰᠢᠨ᠎ᠡ ᠲᠣᠭᠲᠠᠭᠠᠯ︕ ᠮᠠᠨ ᠤ ᠤᠯᠤᠰ ᠤᠨ ᠠᠩᠬᠠᠳᠠᠭᠴᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ ᠶᠢ ᠭᠡᠷᠡᠭᠵᠢᠬᠦᠯᠬᠦ ᠨᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠶᠢ ᠠᠬᠢᠭᠤᠯᠬᠤ ᠪᠤᠯᠤᠨ᠎ᠠ
ᠨᠡᠶᠢᠲᠡᠯᠡᠭᠰᠡᠨ ᠴᠠᠭ᠄
2025/5/30
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠤᠯᠢ︾ ᠶᠢ 2025 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠥᠭᠵᠢᠭᠦᠯᠬᠦ ᠳᠤ ᠵᠠᠰᠠᠭ ᠤᠨ ᠣᠷᠳᠣᠨ ᠢᠶᠠᠷ ᠭᠤᠤᠯᠯᠠᠭᠤᠯᠬᠤ ᠶᠢ ᠪᠠᠷᠢᠮᠲᠠᠯᠠᠵᠦ᠂ ᠵᠠᠰᠠᠭ ᠤᠨ ᠣᠷᠳᠣᠨ ᠠᠴᠠ ᠡᠷᠬᠢᠯᠡᠬᠦ ᠪᠠᠷ ᠭᠤᠤᠯ ᠪᠣᠯᠭᠠᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠦᠨ᠎ᠡ᠃ ᠤᠯᠤᠰ ᠠᠴᠠ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠮᠦᠡᠭᠭᠦ ᠪᠠᠷ ᠲᠤᠰᠠᠯᠠᠬᠤ ᠳᠦᠷᠢᠮ ᠢ ᠲᠤᠬᠳᠠᠭᠠᠵᠤ᠂ ᠨᠥᠬᠦᠴᠡᠯ ᠲᠠᠢ ᠭᠠᠵᠠᠷ ᠣᠷᠣᠨ ᠨᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠰᠦᠢᠳᠬᠡᠯ ᠬᠤᠷᠢᠶᠠᠬᠤ ᠦᠭᠡᠶ ᠪᠠᠷ ᠬᠡᠷᠡᠭᠵᠢᠭᠦᠯᠬᠦ ᠶᠢ ᠠᠯᠬᠤᠮ ᠠᠯᠬᠤᠮ ᠢᠶᠠᠷ ᠠᠬᠢᠭᠤᠯᠤᠨ᠎ᠠ᠃ ᠬᠡᠦᠬᠡᠳ ᠤᠨ ᠴᠡᠴᠡᠷᠯᠢᠭ ᠨᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣ ᠪᠣᠯᠤᠨ ᠨᠠᠰᠤᠨ ᠤ ᠣᠨᠴᠠᠯᠢᠭ ᠲᠤ ᠨᠡᠶᠢᠴᠡᠭᠰᠡᠨ ᠠᠰᠠᠷᠠᠨ ᠬᠦᠮᠦᠵᠢᠬᠦᠯᠬᠦ ᠪᠠ ᠰᠤᠷᠭᠠᠨ ᠬᠦᠮᠦᠵᠢᠬᠦᠯᠬᠦ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠪᠠᠭ᠎ᠠ ᠰᠤᠷᠭᠠᠭᠤᠯᠢ ᠶᠢᠨ ᠱᠠᠳᠤᠨ ᠤ ᠬᠢᠴᠢᠶᠡᠯ ᠢ ᠵᠢᠭᠠᠵᠤ ᠪᠣᠯᠬᠤ ᠦᠭᠡᠶ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ