ᠡᠨᠡ ᠨᠢ ᠲᠠᠷᠢᠮᠠᠯ ᠤᠨ ᠭᠤᠣᠯ ᠪᠣᠯᠬᠤ ᠦᠷᠡᠵᠢᠯ ᠤᠨ ᠬᠤᠭᠤᠴᠠᠭᠠᠨ ᠳᠠᠬᠢ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠰᠢᠷᠣᠢ ᠶᠢᠨ ᠤᠰᠤᠨ ᠤ | ᠠᠭᠤᠯᠤᠭᠳᠠᠴᠠ ᠪᠠᠷ ᠬᠠᠷᠠᠯᠲᠠ ᠤᠰᠤᠨ ᠤ ᠠᠭᠤᠯᠤᠭᠳᠠᠴᠠ ᠪᠣᠯᠭᠠᠵᠤ᠂ ᠡᠯ᠎ᠡ ᠦᠷᠡᠵᠢᠯ ᠤᠨ ᠬᠤᠭᠤᠴᠠᠭᠠᠨ ᠳᠤ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠢ | ᠬᠡᠮᠵᠢᠨ ᠲᠣᠭᠲᠠᠭᠠᠵᠤ᠂ ᠲᠠᠷᠢᠮᠠᠯ ᠤᠨ ᠤᠰᠤ ᠬᠡᠷᠡᠭᠰᠡᠬᠦ ᠣᠨᠴᠠᠯᠢᠭ ᠢ ᠦᠨᠳᠦᠰᠦᠯᠡᠨ ᠨᠥᠬᠦᠪᠦᠷᠢᠯᠡᠬᠦ ᠤᠰᠤᠨ ᠤ ᠬᠡᠮᠵᠢᠶ᠎ᠡ ᠶᠢ ᠪᠤᠳᠤᠵᠤ᠂ ᠲᠣᠭᠲᠠᠭᠰᠠᠨ | ᠬᠡᠮᠵᠢᠶ᠎ᠡ ᠲᠠᠢ ᠤᠰᠤᠯᠠᠬᠤ ᠨᠢᠭᠡ ᠵᠦᠢᠯ ᠤᠨ ᠠᠷᠭ᠎ᠠ ᠪᠣᠯᠣᠨ᠎ᠠ᠃ ᠲᠠᠷᠢᠮᠠᠯ ᠢ ᠤᠰᠤᠯᠠᠵᠤ ᠤᠰᠤ ᠨᠥᠬᠦᠬᠦ ᠴᠢᠬᠤᠯᠠ ᠲᠠᠢ ᠡᠰᠡᠬᠦ ᠶᠢ ᠳᠣᠣᠷᠠᠬᠢ ᠬᠡᠳᠦᠨ ᠵᠦᠢᠯ ᠤᠨ | ᠳᠥᠭᠦᠮ ᠠᠷᠭ᠎ᠠ ᠪᠠᠷ ᠯᠠᠪᠯᠠᠯᠲᠠ ᠪᠣᠯᠭᠠᠵᠤ ᠪᠣᠯᠣᠨ᠎ᠠ᠃ | ᠨᠢᠭᠡ᠂ ᠬᠥᠷᠥᠰᠥ ᠰᠢᠷᠣᠢ ᠶᠢᠨ ᠤᠰᠤᠨ ᠤ ᠰᠡᠷᠡᠯ ᠤᠨ ᠡᠷᠬᠡᠲᠡᠨ ᠤ ᠪᠠᠶᠢᠳᠠᠯ ᠢ ᠦᠨᠳᠦᠰᠦᠯᠡᠨ ᠮᠠᠭᠠᠳᠯᠠᠬᠤ | ︵ᠨᠢᠭᠡ︶ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠥᠩᠭᠡ᠂ ᠰᠢᠨᠵᠢ ᠪᠠᠶᠢᠳᠠᠯ ᠢ ᠠᠵᠢᠭᠯᠠᠨ᠎ᠠ᠃ ᠬᠡᠷᠪᠡ ᠦᠡᠭᠭᠡᠨ ᠲᠠᠯ᠎ᠠ ᠶᠢᠨ ᠬᠥᠷᠥᠰᠥ ᠰᠢᠷᠣᠢ ᠶᠢᠨ | ᠥᠩᠭᠡ ᠨᠢ ᠭᠦᠢᠬᠡᠨ ᠪᠣᠯᠬᠤ ᠪᠤᠶᠤ ᠴᠠᠶᠢᠪᠤᠷ ᠪᠣᠯᠬᠤ᠂ ᠨᠠᠷᠢᠨ ᠴᠠᠪᠠ ᠭᠠᠷᠬᠤ ᠳᠤ ᠬᠦᠷᠪᠡᠯ᠂ ᠬᠥᠷᠥᠰᠥ ᠰᠢᠷᠣᠢ ᠤᠰᠤ ᠳᠤᠲᠠᠭᠳᠠᠭᠰᠠᠨ ᠢ ᠬᠠᠷᠠᠭᠤᠯᠵᠤ ᠪᠠᠶᠢᠨ᠎ᠠ︔ | ᠬᠡᠷᠪᠡ ᠬᠥᠷᠥᠰᠥ ᠰᠢᠷᠣᠢ ᠶᠢᠨ ᠥᠩᠭᠡ ᠨᠢ ᠬᠡᠪ ᠤᠨ ᠥᠩᠭᠡ ᠠᠴᠠ ᠭᠦᠨ ᠪᠤᠶᠤ ᠬᠦᠷᠡᠩ ᠥᠩᠭᠡ ᠲᠠᠢ ᠪᠣᠯ ᠤᠰᠤ ᠳᠤᠲᠠᠬᠤ ᠦᠭᠡᠢ ᠶᠢ ᠬᠠᠷᠠᠭᠤᠯᠵᠤ ᠪᠠᠶᠢᠨ᠎ᠠ᠃ | | ︵ᠬᠤᠶᠠᠷ︶ ᠨᠠᠷᠢᠨ ᠮᠣᠳᠣ ᠶᠢ ᠭᠠᠳᠠᠷ ᠬᠥᠷᠥᠰᠥᠨ ᠳᠤ 10cm ᠠᠴᠠ ᠳᠣᠷᠣᠭᠰᠢ ᠬᠠᠳᠬᠤᠵᠤ᠂ ᠳᠠᠷᠠᠭ᠎ᠠ ᠨᠢ ᠮᠣᠳᠣ ᠶᠢ ᠰᠤᠭᠤᠯᠵᠤ ᠭᠠᠷᠭᠠᠭᠠᠳ | ᠳᠠᠭᠠᠵᠤ ᠭᠠᠷᠴᠤ ᠢᠷᠡᠭᠰᠡᠨ ᠬᠥᠷᠥᠰᠥ ᠰᠢᠷᠤᠢ ᠶᠢ ᠠᠵᠢᠭᠯᠠᠨ᠎ᠠ᠃ ᠬᠡᠷᠪᠡ ᠬᠥᠷᠥᠰᠥ ᠰᠢᠷᠤᠢ ᠨᠢ ᠨᠡᠯᠢᠶᠡᠳ ᠨᠦᠢᠲᠠᠨ ᠪᠠᠶᠢᠪᠠᠯ ᠤᠰᠤ ᠲᠤᠳᠠᠵᠤ ᠦᠭᠡᠢ᠂ ᠲᠦᠷ | ᠴᠠᠭ ᠤᠰᠤᠯᠠᠬᠤ ᠴᠢᠬᠤᠯᠠ ᠦᠭᠡᠢ ᠭᠡᠰᠡᠨ ᠢ ᠬᠠᠷᠠᠭᠤᠯᠵᠤ ᠪᠠᠶᠢᠨ᠎ᠠ᠃ ᠬᠡᠷᠪᠡ ᠬᠥᠷᠥᠰᠥ ᠰᠢᠷᠤᠢ ᠨᠢ ᠨᠡᠯᠢᠶᠡᠳ ᠬᠠᠭᠤᠷᠠᠢ ᠪᠤᠶᠤ ᠮᠣᠳᠣᠨ ᠲᠡᠭᠡᠷ᠎ᠡ ᠬᠦᠷᠦᠰᠦ | ᠰᠢᠷᠤᠢ ᠳᠠᠭᠠᠵᠤ ᠭᠠᠷᠴᠤ ᠢᠷᠡᠭᠰᠡᠨ ᠦᠭᠡᠢ ᠪᠣᠯ ᠬᠥᠷᠥᠰᠥ ᠰᠢᠷᠣᠢ ᠤᠰᠤ ᠳᠤᠲᠠᠭᠳᠠᠭᠰᠠᠨ ᠢ ᠬᠠᠷᠠᠭᠤᠯᠵᠤ᠂ ᠴᠠᠭ ᠲᠤᠬᠠᠢ ᠳᠤᠨᠢ ᠲᠠᠷᠢᠮᠠᠯ ᠢᠶᠠᠨ ᠤᠰᠤᠯᠠᠬᠤ | ᠴᠢᠬᠤᠯᠠ ᠲᠠᠢ ᠪᠠᠶᠢᠳᠠᠭ᠃ | ︵ᠭᠤᠷᠪᠠ︶ ᠭᠠᠳᠠᠷ ᠬᠥᠷᠥᠰᠥᠨ ᠤ ᠳᠣᠣᠷᠠᠬᠢ 10cm ᠣᠷᠴᠢᠮ ᠤᠨ ᠬᠥᠷᠥᠰᠥ ᠶᠢ ᠭᠠᠷ ᠢᠶᠠᠷ ᠢᠶᠠᠨ ᠠᠳᠬᠤᠭᠠᠳ ᠠᠯᠠᠭᠠᠨ ᠳᠡᠭᠡᠷ᠎ᠡ ᠪᠠᠨ ᠲᠠᠯᠪᠢᠵᠤ᠂ | ᠴᠢᠩᠭ᠎ᠠ ᠠᠳᠬᠤᠭᠰᠠᠨ ᠤ ᠳᠠᠷᠠᠭ᠎ᠠ ᠲᠠᠯᠪᠢᠨ᠎ᠠ᠃ ᠬᠡᠷᠪᠡ ᠭᠠᠷ ᠤᠨ ᠠᠯᠠᠭ᠎ᠠ ᠨᠦᠢᠲᠠᠨ ᠰᠢᠭ᠋ ᠰᠠᠨᠠᠭᠳᠠᠬᠤ ᠦᠭᠡᠢ ᠮᠥᠷᠲᠡᠭᠡᠨ ᠬᠦᠴᠦᠲᠡᠢ ᠠᠳᠬᠤᠭᠰᠠᠨ ᠴᠤ | ᠬᠥᠷᠥᠰᠥ ᠶᠢ ᠪᠥᠭᠡᠮᠨᠡᠷᠡᠭᠦᠯᠵᠦ ᠳᠡᠶᠢᠯᠬᠦ ᠦᠭᠡᠢ᠂ ᠭᠠᠷ ᠤᠨ ᠠᠯᠠᠭ᠎ᠠ ᠪᠠᠨ ᠲᠠᠯᠪᠢᠭᠰᠠᠨ ᠤ ᠳᠠᠷᠠᠭ᠎ᠠ ᠳᠠᠷᠦ᠋ᠢᠬᠠᠨ ᠪᠣᠲᠠᠷᠠᠵᠤ ᠪᠠᠶᠢᠪᠠᠯ ᠬᠦᠷᠦᠰᠦ ᠰᠢᠷᠦᠢ ᠶᠢᠨ | ᠲᠠᠷᠢᠶᠠᠨ ᠤ ᠤᠰᠤ ᠬᠠᠳᠠᠭᠠᠯᠠᠬᠤ ᠬᠡᠮᠵᠢᠶ᠎ᠡ ᠨᠢ 30% ᠠᠴᠠ ᠳᠣᠷᠣᠭᠰᠢ ᠪᠠᠶᠢᠵᠤ᠂ ᠬᠦᠨᠳᠦ ᠨᠣᠴᠢᠲᠠᠢ ᠤᠰᠤ ᠳᠤᠲᠠᠭᠳᠠᠵᠤ ᠴᠠᠭ ᠲᠤᠬᠠᠢ ᠳᠤᠨᠢ ᠤᠰᠤᠯᠠᠬᠤ | ᠴᠢᠬᠤᠯᠠᠲᠠᠢ ᠭᠡᠰᠡᠨ ᠢ ᠬᠠᠷᠠᠭᠤᠯᠵᠤ ᠪᠠᠶᠢᠨ᠎ᠠ᠃ ᠬᠡᠷᠪᠡ ᠭᠠᠷ ᠤᠨ ᠠᠯᠠᠭ᠎ᠠ ᠵᠢᠭᠠᠬᠠᠨ ᠴᠢᠬᠢᠭᠳᠦᠵᠦ ᠬᠥᠷᠥᠰᠥ ᠶᠢ ᠪᠥᠭᠡᠮᠨᠡᠷᠡᠭᠦᠯᠵᠦ᠂ ᠲᠠᠯᠪᠢᠭᠰᠠᠨ ᠤ ᠳᠠᠷᠠᠭ᠎ᠠ | ᠠᠶᠠᠨᠳᠠᠭᠠᠨ ᠲᠠᠷᠬᠠᠵᠤ ᠪᠠᠶᠢᠪᠠᠯ ᠬᠦᠷᠦᠰᠦ ᠰᠢᠷᠦᠢ ᠶᠢᠨ ᠤᠰᠤ ᠬᠠᠳᠠᠭᠠᠯᠠᠬᠤ ᠬᠡᠮᠵᠢᠶ᠎ᠡ ᠨᠢ 50% ᠣᠷᠴᠢᠮ ᠪᠠᠶᠢᠵᠤ᠂ ᠴᠢᠭᠢᠭ ᠤᠨ ᠬᠡᠮᠵᠢᠶ᠎ᠡ ᠨᠢ ᠬᠦᠷᠦᠯᠴᠡᠵᠦ | ᠪᠠᠶᠢᠬᠤ ᠶᠢ ᠬᠠᠷᠠᠭᠤᠯᠵᠤ᠂ ᠶᠡᠷᠦ ᠳᠡᠭᠡᠨ ᠤᠰᠤᠯᠠᠬᠤ ᠴᠢᠬᠤᠯᠠ ᠦᠭᠡᠢ ᠪᠠᠶᠢᠳᠠᠭ᠃ ᠬᠡᠷᠪᠡ ᠭᠠᠷ ᠤᠨ ᠠᠯᠠᠭ᠎ᠠ ᠶᠢ ᠨᠡᠯᠢᠶᠡᠳ ᠴᠢᠭᠢᠭᠳᠡᠭᠦᠯᠵᠦ᠂ ᠬᠥᠷᠥᠰᠥ ᠰᠢᠷᠤᠢ ᠶᠢ | ᠴᠢᠩᠭ᠎ᠠ ᠠᠳᠬᠤᠪᠠᠯ ᠤᠰᠤ ᠨᠢ ᠰᠢᠬᠠᠭᠳᠠᠨ ᠭᠠᠷᠴᠤ᠂ ᠠᠯᠠᠭ᠎ᠠ ᠪᠠᠨ ᠲᠠᠯᠪᠢᠭᠰᠠᠨ ᠤ ᠳᠠᠷᠠᠭ᠎ᠠ ᠬᠥᠷᠥᠰᠥ ᠰᠢᠷᠤᠢ ᠰᠤᠯᠠᠷᠠᠬᠤ ᠦᠭᠡᠢ ᠮᠥᠷᠲᠡᠭᠡᠨ ᠭᠠᠷ ᠤᠨ | ᠠᠯᠠᠭ᠎ᠠ ᠳᠤ ᠨᠠᠭᠠᠯᠳᠤᠵᠤ ᠪᠠᠶᠢᠪᠠᠯ᠂ ᠬᠦᠷᠦᠰᠦ ᠰᠢᠷᠦᠢ ᠶᠢᠨ ᠤᠰᠤ ᠬᠠᠳᠠᠭᠠᠯᠠᠬᠤ ᠬᠡᠮᠵᠢᠶ᠎ᠡ ᠨᠢ 85% ᠠᠴᠠ ᠳᠡᠭᠡᠭᠰᠢ ᠪᠠᠶᠢᠵᠤ᠂ ᠤᠰᠤᠨ ᠤ ᠠᠭᠤᠯᠤᠭᠳᠠᠴᠠ ᠨᠢ | ᠨᠡᠯᠢᠶᠡᠳ ᠥᠨᠳᠥᠷ ᠭᠡᠳᠡᠭ ᠢ ᠬᠠᠷᠠᠭᠤᠯᠵᠤ ᠪᠠᠶᠢᠨ᠎ᠠ᠃ ᠴᠠᠭ ᠲᠤᠬᠠᠢ ᠳᠤᠨᠢ ᠰᠤᠪᠠᠭ ᠮᠠᠯᠲᠠᠵᠤ ᠤᠰᠤ ᠵᠠᠯᠠᠬᠤ᠂ ᠤᠰᠤ ᠬᠢᠵᠠᠭᠠᠷᠯᠠᠬᠤ ᠠᠵᠢᠯ ᠢ ᠰᠠᠶᠢᠲᠤᠷ ᠬᠢᠬᠦ | ᠴᠢᠬᠤᠯᠠᠲᠠᠢ ᠪᠠᠶᠢᠳᠠᠭ᠃ | ᠬᠤᠶᠠᠷ᠂ ᠲᠠᠷᠢᠮᠠᠯ ᠤᠨ ᠤᠷᠭᠤᠴᠠ ᠶᠢᠨ ᠪᠠᠶᠢᠳᠠᠯ ᠢ ᠦᠨᠳᠦᠰᠦᠯᠡᠨ ᠮᠠᠭᠠᠳᠯᠠᠬᠤ ᠬᠦᠷᠦᠰᠦ ᠰᠢᠷᠦᠢ ᠶᠢᠨ ᠤᠰᠤ ᠬᠦᠷᠦᠯᠴᠡᠬᠦ ᠦᠭᠡᠢ ᠪᠤᠶᠤ ᠬᠡᠲᠦᠷᠬᠡᠢ | ᠠᠷᠪᠢᠳᠪᠠᠯ ᠲᠠᠷᠢᠮᠠᠯ ᠤᠨ ᠬᠡᠪ ᠤᠨ ᠥᠰᠦᠯᠲᠡ ᠶᠢ ᠨᠥᠯᠥᠭᠡᠯᠡᠨ᠎ᠡ᠃ ᠲᠠᠷᠢᠮᠠᠯ ᠳᠤ ᠤᠰᠤ ᠳᠤᠲᠠᠭᠳᠠᠬᠤ ᠦᠶ᠎ᠡ ᠳᠤ᠂ ᠨᠠᠪᠴᠢ ᠪᠠ ᠰᠢᠨ᠎ᠡ ᠮᠥᠴᠢᠷ ᠨᠢ ᠦᠬᠦᠰᠢᠷᠡᠨ | ᠤᠨᠵᠢᠢᠵᠤ᠂ ᠭᠡᠷᠡᠯ ᠭᠢᠯᠪᠠᠭ᠎ᠠ ᠪᠠᠨ ᠠᠯᠳᠠᠵᠤ᠂ ᠤᠰᠤ ᠬᠦᠨᠳᠦ ᠨᠣᠴᠢᠲᠠᠢ ᠳᠤᠲᠠᠭᠳᠠᠬᠤ ᠦᠶ᠎ᠡ ᠳᠤ ᠨᠠᠪᠴᠢ ᠨᠢ ᠰᠢᠷᠠᠯᠠᠵᠤ᠂ ᠴᠢᠨᠠᠭᠰᠢᠯᠠᠪᠠᠯ ᠦᠬᠦᠰᠢᠷᠡᠳᠡᠭ᠃ ᠡᠨᠡ | ᠦᠶ᠎ᠡ ᠳᠤ ᠴᠠᠭ ᠲᠤᠬᠠᠢ ᠳᠤᠨᠢ ᠤᠰᠤᠯᠠᠵᠤ ᠤᠰᠤ ᠨᠥᠬᠦᠬᠦ ᠴᠢᠬᠤᠯᠠᠲᠠᠢ ᠭᠡᠰᠡᠨ ᠢ ᠬᠠᠷᠠᠭᠤᠯᠵᠤ ᠪᠠᠶᠢᠨ᠎ᠠ᠃ | ᠭᠤᠷᠪᠠ᠂ ᠤᠰᠤᠨ ᠤ ᠪᠠᠶᠢᠳᠠᠯ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠦᠨᠳᠦᠰᠦᠯᠡᠨ ᠮᠠᠭᠠᠳᠯᠠᠬᠤ ᠬᠥᠷᠥᠰᠥᠨ ᠤ ᠴᠢᠭᠢᠭ ᠤᠨ ᠪᠠᠶᠢᠳᠠᠯ ᠢ ᠲᠦᠷᠭᠡᠨ | ᠬᠡᠮᠵᠢᠬᠦ ᠬᠡᠮᠵᠢᠭᠦᠷᠯᠢᠭ ᠪᠣᠯ ᠳᠠᠷᠤᠢ ᠨᠢᠭᠡ ᠵᠦᠢᠯ ᠤᠨ ᠬᠥᠷᠥᠰᠥᠨ ᠤ ᠤᠰᠤ ᠶᠢ ᠰᠢᠯᠭᠠᠨ ᠬᠡᠮᠵᠢᠬᠦ ᠬᠡᠮᠵᠢᠭᠦᠷᠯᠢᠭ ᠪᠣᠯᠣᠨ᠎ᠠ᠂ ᠲᠡᠭᠦᠨ ᠤ ᠠᠵᠢᠯᠯᠠᠬᠤ ᠵᠢᠷᠤᠮ ᠨᠢ | ᠳᠠᠷᠤᠢ ᠲᠠᠷᠢᠮᠠᠯ ᠤᠨ ᠡᠭᠦᠯᠳᠡᠷ᠂ ᠦᠷᠡᠵᠢᠯ ᠤᠨ ᠬᠤᠭᠤᠴᠠᠭ᠎ᠠ᠂ ᠬᠢᠨᠠᠨ ᠬᠡᠮᠵᠢᠬᠦ ᠴᠠᠭ᠂ ᠬᠥᠷᠥᠰᠥᠨ ᠤ ᠭᠦᠨ ᠤ ᠬᠡᠮᠵᠢᠶ᠎ᠡ ᠵᠡᠷᠭᠡ ᠰᠤᠷᠠᠭ ᠵᠠᠩᠭᠢ ᠶᠢ ᠤᠷᠢᠳᠴᠢᠯᠠᠨ | ᠲᠣᠬᠢᠷᠠᠭᠤᠯᠵᠤ᠂ ᠳᠠᠷᠠᠭ᠎ᠠ ᠨᠢ ᠲᠡᠮᠦᠷᠯᠢᠭ ᠬᠠᠶᠢᠭᠤᠷ ᠢ ᠪᠦᠬᠦᠨ ᠢ ᠬᠥᠷᠥᠰᠥᠨ ᠳᠤ ᠬᠠᠳᠬᠤᠵᠤ᠂ ᠬᠥᠷᠥᠰᠥᠨ ᠤ ᠴᠢᠭᠢᠭᠲᠦᠴᠡ ᠶᠢᠨ ᠰᠡᠷᠡᠯ ᠳᠠᠮᠵᠢᠭᠤᠯᠤᠭᠴᠢ ᠪᠠᠷ | ᠳᠠᠮᠵᠢᠨ ᠬᠥᠷᠥᠰᠥᠨ ᠳᠣᠲᠣᠷᠠᠬᠢ ᠤᠰᠤ ᠶᠢ ᠬᠢᠨᠠᠨ ᠬᠡᠮᠵᠢᠵᠦ᠂ ᠲᠤᠭ᠎ᠠ ᠪᠠᠷᠢᠮᠲᠠ ᠶᠢ ᠴᠤᠭᠯᠠᠭᠤᠯᠵᠤ᠂ ᠲᠤᠭ᠎ᠠ ᠪᠠᠷᠢᠮᠲᠠ ᠶᠢ ᠬᠠᠳᠠᠭᠠᠯᠠᠬᠤ ᠨᠢᠭᠡᠨ ᠵᠦᠢᠯ ᠤᠨ | ᠬᠡᠮᠵᠢᠭᠦᠷᠯᠢᠭ ᠪᠣᠯᠣᠨ᠎ᠠ᠃ ᠲᠡᠷᠡ ᠨᠢ ᠲᠠᠷᠢᠶᠠᠨ ᠭᠠᠵᠠᠷ ᠤᠨ ᠤᠰᠤᠨ ᠤ ᠪᠣᠳᠠᠲᠤ ᠪᠠᠶᠢᠳᠠᠯ ᠢ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠤᠰᠤᠯᠠᠵᠤ᠂ | ᠬᠥᠷᠥᠰᠥᠨ ᠤ ᠤᠰᠤᠨ ᠤ ᠠᠭᠤᠯᠤᠭᠳᠠᠴᠠ ᠶᠢ ᠨᠡᠯᠢᠶᠡᠳ ᠲᠣᠬᠢᠷᠠᠮᠵᠢᠲᠠᠢ ᠬᠡᠪᠴᠢᠶᠡᠨ ᠳᠤ ᠪᠠᠶᠢᠯᠭᠠᠬᠤ ᠶᠢ ᠪᠠᠲᠤᠯᠠᠳᠠᠭ᠃ ᠲᠠᠷᠢᠶᠠᠴᠢᠨ ᠡᠷᠦᠬᠡ ᠪᠠᠰᠠ ᠡᠯ᠎ᠡ | ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠨᠡᠶᠢᠲᠡᠯᠡᠭᠰᠡᠨ ᠴᠢᠭᠢᠭ ᠤᠨ ᠪᠠᠶᠢᠳᠠᠯ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠷ ᠯᠠᠪᠯᠠᠯᠲᠠ | ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠤᠰᠤᠯᠠᠯᠲᠠ ᠬᠢᠵᠦ ᠪᠣᠯᠣᠨ᠎ᠠ᠃ ᠡᠩ ᠤᠨ ᠪᠠᠶᠢᠳᠠᠯ ᠳᠤ ᠬᠥᠷᠥᠰᠥᠨ ᠤ ᠤᠰᠤᠨ ᠤ ᠠᠭᠤᠯᠤᠭᠳᠠᠴᠠ ᠨᠢ 80% ᠠᠴᠠ | ᠳᠡᠭᠡᠭᠰᠢ ᠪᠠᠶᠢᠪᠠᠯ ᠬᠡᠳᠦ ᠠᠷᠪᠢᠨ᠂ ᠬᠥᠷᠥᠰᠥᠨ ᠤ ᠤᠰᠤᠨ ᠤ ᠠᠭᠤᠯᠤᠭᠳᠠᠴᠠ ᠨᠢ 60% ~ 80% ᠳᠤ ᠪᠠᠶᠢᠪᠠᠯ ᠲᠣᠬᠢᠷᠠᠮᠵᠢᠲᠠᠢ᠂ ᠬᠥᠷᠥᠰᠥᠨ ᠤ ᠤᠰᠤᠨ ᠤ | ᠠᠭᠤᠯᠤᠭᠳᠠᠴᠠ ᠨᠢ 60% ᠠᠴᠠ ᠳᠣᠷᠣᠭᠰᠢ ᠪᠠᠶᠢᠪᠠᠯ ᠭᠦᠢᠴᠡᠳ ᠦᠭᠡᠢ ᠪᠠᠶᠢᠳᠠᠭ᠃ ᠡᠩ ᠤᠨ ᠪᠠᠶᠢᠳᠠᠯ ᠳᠤ ᠬᠥᠷᠥᠰᠥᠨ ᠤ ᠤᠰᠤᠨ ᠤ ᠠᠭᠤᠯᠤᠭᠳᠠᠴᠠ ᠨᠢ | 45% ~ 60% ᠪᠠᠶᠢᠪᠠᠯ ᠬᠥᠩᠭᠡᠨ ᠭᠠᠩ ᠬᠠᠭᠤᠷᠠᠢ᠂ ᠬᠥᠷᠥᠰᠥᠨ ᠤ ᠤᠰᠤᠨ ᠤ ᠠᠭᠤᠯᠤᠭᠳᠠᠴᠠ ᠨᠢ 30% ~ 45% ᠪᠠᠶᠢᠪᠠᠯ ᠳᠤᠮᠳᠠ ᠭᠠᠩ ᠬᠠᠭᠤᠷᠠᠢ | ᠂ ᠬᠥᠷᠥᠰᠥᠨ ᠤ ᠤᠰᠤᠨ ᠤ ᠠᠭᠤᠯᠤᠭᠳᠠᠴᠠ ᠨᠢ 30% ᠠᠴᠠ ᠳᠣᠷᠣᠭᠰᠢ ᠪᠠᠶᠢᠪᠠᠯ ᠬᠦᠨᠳᠦ ᠭᠠᠩ ᠬᠠᠭᠤᠷᠠᠢ ᠪᠣᠯᠣᠨ᠎ᠠ᠃ | | |