ᠪᠦᠬᠡᠪᠠᠶᠠᠷ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/30
      5 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠷᠠᠯ ᠡᠷᠬᠢᠯᠡᠨ ᠶᠠᠷᠢᠶ᠎ᠠ ᠲᠠᠯᠪᠢᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠪᠠᠶᠢᠭᠤᠯᠤᠯᠲᠠ ᠶᠢᠨ ᠣᠶᠤᠨ ᠤ ᠬᠥᠮᠥᠷᠭᠡ ᠶᠢᠨ ᠲᠤᠰᠬᠠᠶ ᠮᠡᠷᠭᠡᠵᠢᠯᠲᠡᠨ᠂ ᠪᠥᠬᠦ ᠤᠯᠤᠰ ᠤᠨ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠣᠨᠴᠠ ᠤᠷᠢᠭᠰᠠᠨ ᠰᠤᠳᠤᠯᠤᠭᠴᠢ ᠬᠠᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠥᠪᠳᠡᠭᠴᠢ ᠶᠢᠨ ᠲᠠᠰᠤᠭ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠲᠤᠰᠬᠠᠶ ᠮᠡᠷᠭᠡᠵᠢᠯᠲᠡᠨ᠂ ᠥᠪᠥᠷ ᠮᠣᠩᠭᠤᠯ ᠤᠨ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠣᠶ ᠰᠢᠭᠤᠶ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠭᠠᠳᠠᠭᠠᠳᠤ ᠬᠡᠷᠡᠭ ᠮᠡᠳᠡᠭᠴᠢ᠂ ᠳᠡᠭᠡᠳᠦ ᠵᠡᠷᠭᠡ ᠶᠢᠨ ᠢᠨᠵᠧᠨᠧᠷ ᠪᠦᠦ ᠭᠦᠸᠧ ᠴᠢᠩ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠠᠰ ᠪᠡᠭᠡᠵᠢᠩ ᠥᠪᠥᠷ ᠮᠣᠩᠭᠤᠯ ᠤᠨ ᠴᠢᠳᠠᠪᠤᠷᠢᠲᠠᠨ ᠤ ᠬᠠᠮᠵᠢᠯᠴᠠᠭ᠎ᠠ ᠶᠢ ᠵᠣᠯᠭᠠᠭᠤᠯᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠪᠦᠦ ᠭᠦᠸᠧ ᠴᠢᠩ ᠤᠢ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠤᠨᠤᠯ ᠪᠣᠯᠤᠨ ᠦᠢᠯᠡᠳᠦᠯᠭᠡ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠵᠦ᠂ ᠡᠯ᠎ᠡ ᠰᠠᠯᠠᠭ᠎ᠠ ᠮᠥᠴᠢᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠪᠦᠬᠡᠪᠠᠶᠠᠷ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ︽ᠤᠯᠤᠰ ᠤᠨ ᠲᠣᠮᠣ ᠶᠠᠪᠤᠳᠠᠯ︾ ᠢ ᠪᠠᠲᠤ ᠴᠡᠭᠡᠵᠢᠯᠡᠵᠦ᠂ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠠᠵᠤ ᠠᠬᠤᠶᠢᠯᠠᠯ ᠵᠢᠷᠭᠤᠭ᠎ᠠ ᠶᠢ ᠨᠢᠭᠡ ᠴᠤᠭᠴᠠᠵᠢᠭᠤᠯᠤᠭᠰᠠᠨ ︽ᠬᠤᠯᠪᠣᠭᠠᠯᠠᠨ ᠡᠭᠦᠳᠴᠦ ᠬᠤᠯᠪᠣᠭᠠᠯᠠᠨ ᠪᠠᠶᠢᠭᠤᠯᠬᠤ︾ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠵᠦ᠂ ᠬᠥᠯᠥᠨ ᠪᠤᠶᠢᠷ ᠬᠤᠲᠠ ᠬᠢᠭᠡᠳ ᠬᠢᠩᠭᠠᠨ ᠠᠶᠢᠮᠠᠭ᠂ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠬᠤᠶᠠᠷ ᠭᠠᠵᠠᠷ ᠭᠤᠷᠪᠠᠨ ᠲᠠᠯ᠎ᠠ ᠶᠢᠨ ᠬᠢᠨ ︽ᠣᠷᠣᠨ ᠪᠦᠰᠡ ᠶᠢᠨ ᠬᠠᠮᠲᠤᠷᠠᠯᠴᠠᠭᠠᠨ ᠤ ᠰᠢᠨ᠎ᠡ ᠥᠯᠢᠭᠡᠷ ᠳᠠᠭᠤᠷᠢᠶᠠᠯ︾ ᠢ ᠬᠠᠮᠲᠤ ᠪᠠᠷ ᠴᠣᠭᠴᠠᠯᠠᠬᠤ ᠶᠢᠨ ᠲᠣᠭᠤᠷᠢᠨ ᠳᠤ ᠲᠣᠭᠲᠠᠭᠰᠠᠨ ᠴᠢᠬᠤᠯᠠ ᠬᠠᠮᠲᠤ ᠶᠢᠨ ᠲᠠᠨᠢᠯᠲᠠ ᠪᠠ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠵᠡᠷᠭᠡ ᠬᠤᠯᠪᠣᠭᠳᠠᠯ ᠪᠥᠬᠦᠶ ᠵᠢᠭᠠᠪᠤᠷᠢ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠨᠠᠷᠢᠯᠢᠭ ᠣᠨᠣᠪᠴᠢᠲᠠᠢ ᠪᠠᠷ ᠬᠦᠴᠦᠯᠡᠨ ᠰᠢᠢᠳᠪᠦᠷᠢᠯᠡᠵᠦ᠂ ︽ᠬᠤᠶᠠᠷ ᠬᠠᠯᠬᠠᠪᠴᠢ︾ ᠶᠢᠨ ᠦᠨᠡᠨᠴᠢ ᠰᠢᠳᠤᠷᠭᠤ ᠬᠠᠮᠠᠭᠠᠯᠠᠭᠴᠢ ᠪᠣᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠪᠦᠬᠡᠪᠠᠶᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠠᠮ ᠤᠨ ᠪᠠᠶᠢᠭᠤᠯᠤᠯᠲᠠ ᠪᠠ ᠭᠤᠣᠯ ᠠᠵᠢᠯ ᠤᠨ ᠬᠠᠷᠢᠯᠴᠠᠨ ᠠᠭᠤᠰᠤᠯᠴᠠᠬᠤ ᠶᠢ ᠴᠢᠩᠭᠠᠳᠬᠠᠵᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠦᠨ ᠪᠠᠶᠢᠭᠤᠯᠬᠤ᠂ ᠭᠠᠵᠠᠷ ᠤᠢ ᠰᠢᠭᠤᠢ ᠶᠢᠨ ᠨᠠᠮ ᠤᠨ ᠪᠠᠶᠢᠭᠤᠯᠤᠯᠲᠠ ᠶᠢ ᠨᠢᠭᠡ ᠴᠤᠬᠴᠠᠵᠢᠭᠤᠯᠤᠨ ᠵᠣᠯᠭᠠᠭᠤᠯᠬᠤ ᠬᠠᠮᠲᠤᠷᠠᠯᠴᠠᠭ᠎ᠠ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ ᠰᠠᠶᠢᠲᠤᠷ ᠠᠰᠢᠭᠯᠠᠵᠤ᠂ ᠪᠡᠭᠡᠵᠢᠩ ᠲᠢᠶᠠᠨᠵᠢᠨ ᠾᠧᠪᠸᠢ ᠶᠢᠨ ᠳᠡᠭᠡᠳᠦ ᠲᠡᠰ ᠤᠨ ᠵᠠᠬ᠎ᠠ ᠳᠡᠯᠭᠡᠭᠦᠷ ᠲᠠᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠬᠥᠭᠵᠢᠭᠡᠵᠦ᠂ ᠠᠯᠠᠰᠢᠨ ᠬᠤᠨᠢ ᠶᠢ ᠲᠦᠷᠪᠡᠨ ᠤᠯᠠᠷᠢᠯ ᠳᠤ ᠪᠣᠷᠣᠯᠠᠭᠤᠯᠬᠤ᠂ ᠰᠢᠯᠵᠢᠮᠡᠯ ᠡᠳ᠋ᠰᠢᠭᠦᠯᠬᠦ ᠶᠢ ᠪᠡᠶᠡᠯᠡᠭᠦᠯᠵᠦ᠂ ᠬᠡᠷᠡᠭᠯᠡᠭᠴᠢᠳ ᠤᠨ ︽ᠪᠡᠶᠡᠴᠢᠯᠡᠨ ᠣᠶᠢᠯᠠᠭᠠᠬᠤ ᠮᠠᠶ᠋ᠢᠭ ᠤᠨ ᠬᠡᠷᠡᠭᠯᠡᠭᠡ ᠨᠢ ᠲᠦᠢᠯ ᠤᠨ ᠰᠢᠨ᠎ᠡ ᠰᠣᠷᠭᠤᠭ︾ ᠪᠠᠶᠢᠬᠤ ᠬᠡᠷᠡᠭᠴᠡᠭᠡ ᠶᠢ ᠬᠠᠩᠭᠠᠵᠤ᠂ ᠤᠯᠤᠰ ᠤᠨ ᠭᠠᠵᠠᠷ ᠵᠦᠢ ᠶᠢᠨ ᠲᠡᠮᠳᠡᠭᠲᠦ ᠪᠦᠲᠦᠭᠡᠭᠳᠡᠬᠦᠨ ︽ᠪᠠᠷᠠᠭᠤᠨ ᠬᠤᠰᠢᠭᠤᠨ ᠤ ᠬᠤᠨᠢᠨ ᠮᠢᠬ᠎ᠠ︾ ᠶᠢ ︽ᠲᠠᠯ᠎ᠠ ᠨᠤᠲᠤᠭ ᠠᠴᠠ ᠬᠤᠭᠤᠯᠠᠨ ᠰᠢᠷᠡᠭᠡ ᠬᠦᠷᠬᠦ︾ ᠪᠦᠬᠦ ᠬᠡᠯᠬᠢᠶᠡᠨ ᠤ ᠪᠦᠬᠦ ᠡᠯᠧᠮᠧᠨ᠋ᠲ ᠤᠨ ᠳᠠᠪᠠᠯᠲᠠ ᠶᠢ ᠪᠡᠶᠡᠯᠡᠭᠦᠯᠬᠦ ᠬᠡᠷᠡᠭᠲᠡᠢ᠃ ᠵᠢᠭᠤᠯᠴᠢᠯᠠᠯ ᠢᠶᠠᠷ ᠵᠠᠭᠤᠴᠢ ᠪᠣᠯᠭᠠᠵᠤ᠂ ᠠᠵᠤ ᠦᠢᠯᠡᠰ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠣᠳᠣᠬᠢᠴᠢᠯᠠᠭᠰᠠᠨ ᠮᠠᠯᠵᠢᠬᠤ ᠡᠷᠦᠬᠡ ᠶᠢᠨ ᠵᠢᠭᠤᠯᠴᠢᠯᠠᠯ᠂ ᠮᠠᠯᠴᠢᠨ ᠠᠶᠢᠯ ᠤᠨ ᠵᠤᠭᠠᠴᠠᠯ ᠢ ᠶᠡᠭᠡ ᠪᠠᠷ ᠪᠣᠶ ᠪᠣᠯᠭᠠᠵᠤ᠂ ︽ᠵᠢᠭᠤᠯᠴᠢᠯᠠᠯ ᠤᠨ ᠬᠢᠯᠢ ᠥᠩᠭᠡᠷᠡᠬᠦ ᠭᠠᠵᠠᠷ︾ ᠠᠴᠠ ︽ᠵᠢᠭᠤᠯᠴᠢᠯᠠᠯ ᠤᠨ ᠵᠣᠷᠢᠭᠰᠠᠨ ᠭᠠᠵᠠᠷ︾ ︽ᠵᠢᠭᠤᠯᠴᠢᠯᠠᠯ ᠤᠨ ᠴᠢᠨᠠᠷ ᠰᠠᠶᠢᠲᠠᠶ ᠦᠢᠯᠡᠴᠢᠯᠡᠭᠡᠨ ᠤ ᠭᠠᠵᠠᠷ︾ ᠳᠠᠰᠢ ᠬᠤᠪᠢᠷᠠᠭᠤᠯᠬᠤ ᠶᠢ ᠲᠦᠷᠭᠡᠳᠬᠡᠵᠦ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ