︽ᠶᠡᠭᠡ ᠰᠤᠷᠤᠯᠴᠠᠯᠭ᠎ᠠ᠂ ᠶᠡᠭᠡ ᠰᠤᠷᠭᠠᠭᠤᠯᠢᠯᠠᠯ᠂ ᠶᠡᠭᠡ ᠶᠠᠰᠤ ᠴᠢᠨᠠᠷ ᠢ ᠳᠡᠭᠡᠭᠰᠢᠯᠡᠭᠦᠯᠬᠦ︾ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ | ᠳᠣᠲᠣᠭᠠᠳᠤ ᠶᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠢ ᠭᠦᠨᠵᠡᠭᠡᠶ ᠳᠥᠯᠭᠢᠨ ᠠᠬᠢᠭᠤᠯᠵᠤ᠂ ᠨᠠᠮ ᠪᠠ ᠠᠷᠠᠳ | ᠲᠦᠮᠡᠨ ᠠᠴᠠ ᠣᠯᠭᠤᠭᠰᠠᠨ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠨᠠᠩ ᠰᠠᠶᠢᠲᠤᠷ ᠭᠦᠶ᠋ᠴᠡᠳᠬᠡᠬᠦ ᠶᠢᠨ ᠲᠥᠯᠥᠭᠡ᠂ ᠬᠤᠰᠢᠭᠤᠨ ᠤ | ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ 5 ᠰᠠᠷ᠎ᠠ ᠶᠢᠨ 28 ᠤ ᠡᠳᠦᠷ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠴᠠᠭᠳᠠᠭᠠᠨ ᠤ ᠶᠠᠪᠤᠳᠠᠯ ᠤᠨ ᠲᠤᠰᠠᠯᠠᠮᠵᠢ ᠶᠢᠨ ᠶᠡᠭᠡ ᠠᠩᠭᠢ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠣᠯᠭᠤᠬᠤ ᠪᠠᠶᠢᠯᠳᠤᠭᠠᠨ ᠤ ᠬᠦᠴᠦᠨ ᠢ ᠬᠠᠮᠵᠢᠯᠴᠠᠨ | ᠳᠡᠭᠡᠭᠰᠢᠯᠡᠭᠦᠯᠬᠦ︾ ᠲᠤᠰᠬᠠᠶ ᠪᠣᠯᠪᠠᠰᠤᠷᠠᠯ ᠡᠷᠭᠢᠯᠡᠵᠦ᠂ ᠬᠤᠰᠢᠭᠤᠨ ᠳᠠᠭᠠᠨ ᠪᠠᠶᠢᠭ᠎ᠠ ᠪᠠᠭ ᠤᠨ ᠪᠦᠷᠢᠯᠳᠦᠬᠦᠨ᠂ ᠲᠤᠬᠠᠶᠢᠯᠠᠭᠰᠠᠨ ᠠᠵᠢᠯ ᠳᠤ ᠬᠤᠯᠪᠣᠭᠳᠠᠭᠰᠠᠨ | ᠠᠷᠠᠳ ᠤᠨ ᠲᠤᠰᠠᠯᠠᠬᠤ ᠴᠠᠭᠳᠠᠭ᠎ᠠ ᠪᠣᠯᠪᠠᠰᠤᠷᠠᠯ ᠳᠤ ᠣᠷᠣᠯᠴᠠᠪᠠ᠃ | | | | ᠪᠣᠯᠪᠠᠰᠤᠷᠠᠯ ᠳᠤ᠂ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢᠵᠢᠯᠲᠠ ᠶᠢᠨ ᠠᠵᠢᠯ ᠤᠨ ᠬᠠᠷᠢᠭᠤᠴᠠᠯᠭᠠᠲᠠᠨ ᠡᠯ᠎ᠡ ᠴᠠᠭᠳᠠᠭᠠᠨ ᠤ ᠲᠥᠷᠥᠯ ᠤᠨ ᠪᠣᠳᠠᠲᠤ | ᠪᠠᠶᠢᠯᠳᠤᠭᠠᠨ ᠤ ᠲᠠᠪᠴᠠᠩ ᠤᠨ ᠬᠡᠷᠡᠭᠯᠡᠯᠲᠡ ᠬᠢᠭᠡᠳ ᠬᠠᠮᠵᠢᠯᠴᠠᠨ ᠪᠠᠶᠢᠯᠳᠤᠬᠤ ᠵᠠᠭᠪᠤᠷ ᠢ ᠨᠠᠷᠢᠯᠢᠭ ᠲᠠᠶᠢᠯᠪᠤᠷᠢᠯᠠᠵᠤ᠂ ᠭᠤᠤᠯᠳᠠᠭᠤ ᠲᠣᠮᠣ ᠳ᠋ᠠᠶᠢᠲ᠋ᠠ᠂ ᠵᠣᠬᠢᠶᠠᠮᠠᠯ | ᠣᠶᠤᠨ ᠴᠢᠳᠠᠪᠤᠷᠢ᠂ ᠡᠭᠦᠯᠡᠨ ᠪᠣᠳᠣᠯᠲᠠ᠂ ᠵᠢᠯᠣᠭᠤᠴᠢ ᠥᠬᠡᠶ ᠨᠢᠰᠬᠡᠯ ᠢᠶᠠᠷ ᠲᠤᠷᠰᠢᠨ ᠪᠠᠶᠢᠴᠠᠭᠠᠬᠤ᠂ ᠴᠠᠭᠳᠠᠭᠠᠨ ᠤ ᠶᠠᠪᠤᠳᠠᠯ ᠤᠨ ᠬᠠᠮᠵᠢᠯᠴᠠᠭᠠᠨ ᠤ ᠲᠠᠪᠴᠠᠩ | ᠵᠡᠷᠭᠡ ᠬᠦᠷᠢᠶᠡᠨ ᠳᠠᠬᠢ ᠬᠡᠷᠡᠭᠯᠡᠭᠡᠨ ᠤ ᠬᠡᠷᠡᠭ ᠤᠨ ᠵᠢᠱᠢᠶ᠎ᠡ ᠶᠢᠨ ᠲᠣᠭᠤᠷᠢᠨ ᠳᠤ ᠲᠠᠶᠢᠯᠤᠮᠵᠢ ᠬᠢᠭᠰᠡᠨ ᠪᠥᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ | ᠦᠵᠡᠭᠳᠡᠯ ᠪᠠ ᠬᠠᠮᠵᠢᠯᠴᠠᠨ ᠪᠠᠶᠢᠯᠳᠤᠬᠤ ᠶᠠᠪᠤᠴᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠬᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠪᠠᠶᠢᠯᠳᠤᠭᠠᠨ ᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠬᠡᠷᠬᠢᠨ ᠡᠪᠳᠡᠬᠦ ᠶᠢ ᠬᠠᠶᠢᠨ ᠰᠦᠪᠡᠭᠴᠢᠯᠡᠵᠦ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨ᠎ᠡ ᠴᠢᠨᠠᠷ ᠤᠨ ᠳᠠᠶᠢᠴᠢᠨ ᠬᠦᠴᠦᠨ ᠢ ᠳᠡᠭᠡᠭᠰᠢᠯᠡᠭᠦᠯᠬᠦ ᠵᠡᠷᠭᠡ ᠠᠭᠤᠯᠭ᠎ᠠ ᠶᠢ ᠠᠮᠢᠳᠤᠯᠢᠭ ᠢᠶᠠᠷ ᠲᠣᠳᠣᠷᠬᠠᠶᠢᠯᠠᠨ | ᠥᠭᠦᠯᠡᠪᠡ᠃ ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠪᠣᠯᠪᠠᠰᠤᠷᠠᠯ ᠳᠤ ᠣᠷᠣᠯᠴᠠᠭᠰᠠᠳ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠪᠠ | ᠪᠠᠶᠢᠯᠳᠤᠬᠤ ᠬᠦᠴᠦᠨ ᠢ ᠬᠠᠮᠵᠢᠯᠴᠠᠨ ᠳᠡᠭᠡᠭᠰᠢᠯᠡᠭᠦᠯᠬᠦ ᠲᠠᠯ᠎ᠠ ᠪᠠᠷ ᠨᠠᠩ ᠪᠥᠬᠦ ᠲᠠᠯ᠎ᠠ ᠶᠢᠨ ᠪᠣᠯᠵᠣ᠂ ᠭᠦᠨᠵᠡᠭᠡᠶ ᠲᠠᠨᠢᠯᠲᠠ ᠲᠠᠢ ᠪᠣᠯᠵᠣ᠂ ᠳᠣᠲᠣᠭᠠᠳᠤ ᠶᠢ | ᠬᠠᠮᠠᠭᠠᠯᠠᠬᠤ ᠠᠵᠢᠯ ᠤᠨ ᠳᠤᠮᠳᠠᠬᠢ ᠪᠣᠳᠠᠲᠠᠶ ᠬᠡᠷᠡᠭᠯᠡᠯᠲᠡ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠰᠢᠨ᠎ᠡ ᠠᠷᠭ᠎ᠠ ᠵᠠᠮ ᠢ ᠬᠡᠷᠬᠢᠨ ᠰᠦᠪᠡᠭᠴᠢᠯᠡᠬᠦ | ᠵᠡᠷᠭᠡ ᠶᠢ ᠤᠯᠠᠮ ᠨᠢᠭᠡ ᠠᠯᠬᠤᠮ ᠡᠵᠡᠮᠰᠢᠵᠦ᠂ ᠡᠯ᠎ᠡ ᠴᠠᠭᠳᠠᠭᠠᠨ ᠤ ᠲᠥᠷᠥᠯ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠨ ᠬᠠᠮᠵᠢᠯᠴᠠᠬᠤ | ᠴᠢᠳᠠᠪᠤᠷᠢ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠳᠣᠲᠣᠭᠠᠳᠤ ᠶᠢ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ | ᠠᠵᠢᠯ ᠢ ᠤᠯᠠᠮ ᠨᠢᠭᠡ ᠠᠯᠬᠤᠮ ᠭᠦᠨᠵᠡᠭᠡᠶ ᠳᠥᠯᠭᠢᠨ ᠠᠬᠢᠭᠤᠯᠪᠠ᠃ | | | |