ᠥᠪᠡᠷᠲᠡᠭᠡᠨ ᠵᠠᠰᠠᠬᠤ ᠣᠷᠣᠨ ᠤ ᠲᠢᠩᠬᠢᠮ ᠤᠨ ᠲᠠᠰ ᠤᠨ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠪᠦᠭᠦ ᠤᠯᠤᠰ ᠤᠨ ᠤᠬᠠᠭᠤᠯᠬᠤ ᠺᠠᠳ᠋ᠷ ᠤᠨ ᠳᠡᠭᠡᠳᠦ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2025/5/30
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠪᠠᠶᠠᠯᠢᠭ ᠠᠭᠤᠯᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠰᠢᠰᠲ᠋ᠧᠮ ᠲᠠᠢ ᠰᠤᠷᠤᠯᠴᠠᠨ ᠡᠵᠡᠮᠰᠢᠬᠦ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 25 ᠠᠴᠠ 29 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠪᠦᠭᠦ ᠤᠯᠤᠰ ᠤᠨ ᠤᠬᠠᠭᠤᠯᠬᠤ ᠺᠠᠳ᠋ᠷ ᠤᠨ ᠳᠡᠭᠡᠳᠦ ᠰᠤᠷᠭᠠᠭᠤᠯᠢ ᠳᠤ ᠲᠢᠩᠬᠢᠮ ᠤᠨ ᠲᠡᠰ ᠤᠨ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ᠃      ᠪᠣᠯᠪᠠᠰᠤᠷᠠᠯ ᠨᠢ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠡᠷᠭᠡ ᠪᠠᠷ ᠭᠤᠣᠯ ᠠᠭᠤᠯᠭ᠎ᠠ ᠪᠤᠯᠭᠠᠵᠤ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠠᠬᠤᠢ ᠲᠠᠯᠠᠪᠠᠢ ᠶᠢᠨ ᠵᠢᠭᠠᠨ ᠰᠤᠷᠭᠠᠯᠲᠠ᠂ ᠰᠡᠷᠡᠮᠵᠢᠯᠡᠭᠦᠯᠭᠦ ᠬᠥᠮᠦᠵᠢᠯ ᠤᠨ ᠹᠢᠯᠢᠮ ᠦᠵᠡᠬᠦ ᠵᠡᠷᠭᠡ ᠭᠡᠯᠪᠡᠷᠢ ᠪᠠᠷ ᠳᠠᠮᠵᠢᠵᠤ᠂ ᠪᠣᠯᠪᠠᠰᠤᠷᠠᠯ ᠳᠤ ᠣᠷᠣᠯᠴᠠᠬᠰᠠᠨ ᠰᠤᠷᠤᠯᠭᠠᠲᠠᠳ ᠢ ᠬᠥᠲᠥᠯᠥᠨ ᠵᠢᠯᠤᠭᠤᠳᠴᠤ ᠰᠢᠷᠭᠠᠭᠤ ᠰᠤᠷᠤᠯᠴᠠᠵᠦ ᠰᠠᠶᠢᠲᠤᠷ ᠰᠡᠳᠬᠢᠬᠦ ᠳᠤᠮᠳᠠ ᠴᠢᠳᠠᠪᠤᠷᠢ ᠪᠠᠨ ᠳᠠᠪᠲᠠᠨ ᠪᠤᠯᠪᠠᠰᠤᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ᠂ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ᠂ ᠢᠨᠲ᠋ᠧᠷ ᠰᠦᠯᠵᠢᠶᠡᠨ ᠤ ᠤᠬᠠᠭᠤᠯᠭ᠎ᠠ ᠪᠣᠯᠣᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ ᠵᠡᠷᠭᠡ ᠠᠵᠢᠯ ᠤᠨ ᠰᠠᠨᠠᠭᠠᠴᠢᠯᠠᠭᠠᠲᠤ ᠴᠢᠨᠠᠷ ᠪᠣᠯᠣᠨ ᠴᠢᠳᠠᠮᠠᠭᠠᠢ ᠴᠢᠨᠠᠷ ᠢ ᠤᠯᠠᠮ ᠴᠢᠩᠭᠠᠳᠬᠠᠪᠠ᠃      ᠪᠣᠯᠪᠠᠰᠤᠷᠠᠯ ᠤᠨ ᠠᠩᠭᠢ ᠳᠤ᠂ ᠲᠥᠪ ᠤᠨ ᠤᠬᠠᠭᠤᠯᠬᠤ ᠬᠡᠯᠲᠡᠰ᠂ ᠲᠥᠪ ᠤᠨ ᠢᠨᠲ᠋ᠧᠷ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ ᠤᠨ ᠠᠯᠪᠠᠨ ᠭᠡᠷ᠂ ᠲᠥᠪ ᠤᠨ ᠨᠠᠮ ᠤᠨ ᠰᠤᠷᠭᠠᠭᠤᠯᠢ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠵᠡᠷᠭᠡ ᠰᠠᠯᠠᠭ᠎ᠠ ᠮᠥᠴᠢᠷ᠂ ᠨᠢᠭᠡᠴᠢ ᠶᠢᠨ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠰᠣᠶᠣᠯ ᠤᠨ ᠢᠲᠡᠭᠡᠯ ᠢᠶᠠᠨ ᠪᠠᠲᠤᠳᠬᠠᠬᠤ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠂ ᠶᠠᠷᠢᠶ᠎ᠠ ᠬᠡᠯᠡᠯᠴᠡᠭᠡᠨ ᠤ ᠭᠡᠨᠡᠳᠲᠡ ᠶᠢᠨ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠰᠦᠯᠵᠢᠶᠡᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠵᠡᠷᠭᠡ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠠᠷᠤᠭ᠎ᠠ᠂ ᠣᠷᠣᠨ ᠤ ᠰᠢᠭᠤᠳ ᠬᠠᠷᠢᠶ᠎ᠠ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠡᠯ᠎ᠡ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠪᠣᠯᠪᠠᠰᠤᠷᠠᠯ ᠳᠤ ᠣᠷᠣᠯᠴᠠᠪᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ