ᠬᠠᠤᠯᠢ ᠶᠢᠨ ᠲᠤᠰᠠᠯᠠᠮᠵᠢ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠬᠡᠦᠬᠡᠳ ᠪᠠᠭᠠᠴᠤᠳ ᠢ ᠬᠠᠶᠢᠷᠠᠯᠠᠨ ᠬᠠᠮᠠᠭᠠᠯᠠᠵᠤ ᠦᠰᠦᠨ ᠪᠣᠶᠢᠵᠢᠯᠲᠠ ᠳᠤ  ᠨᠢ ᠳᠡᠮᠵᠢᠯᠭᠡ ᠦᠵᠡᠭᠦᠯᠦᠨ ᠨᠠᠰᠤᠨ ᠳᠤ ᠥᠯᠥ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ
ᠨᠡᠶᠢᠲᠡᠯᠡᠭᠰᠡᠨ ᠴᠠᠭ᠄
2025/5/30
      ᠬᠠᠤᠯᠢ ᠴᠠᠭᠠᠵᠠ ᠶᠢᠨ ᠶᠠᠮᠤᠨ ᠤ ︽ᠬᠠᠤᠯᠢ ᠴᠠᠭᠠᠵᠠ ᠶᠢᠨ ᠲᠤᠰᠠᠯᠠᠮᠵᠢ ᠪᠠᠷ ᠬᠡᠦᠬᠡᠳ ᠪᠠᠭᠠᠴᠤᠳ ᠢ ᠬᠠᠶᠢᠷᠠᠯᠠᠨ ᠬᠠᠮᠠᠭᠠᠯᠠᠬᠤ︾ ᠠᠵᠢᠯᠯᠠᠭ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠪᠠᠷ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠠᠴᠠ ︽ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ  ᠬᠡᠦᠬᠡᠳ ᠪᠠᠭᠠᠴᠤᠳ ᠢ ᠬᠠᠶᠢᠷᠠᠯᠠᠨ ᠬᠠᠮᠠᠭᠠᠯᠠᠵᠤ ᠦᠰᠦᠨ ᠪᠣᠶᠢᠵᠢᠯᠲᠠ ᠳᠤ ᠨᠢ ᠳᠡᠮᠵᠢᠯᠭᠡ ᠦᠵᠡᠭᠦᠯᠰᠦᠭᠡᠢ︾ ᠭᠡᠬᠦ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠮᠵᠢᠯᠴᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠬᠡᠵᠦ᠂ ᠠᠷᠠᠳ ᠲᠤ ᠲᠥᠬᠦᠮ ᠦᠵᠡᠭᠦᠯᠬᠦ ᠠᠷᠭ᠎ᠠ ᠠᠪᠴᠠᠯ ᠤᠨ ᠲᠣᠭᠲᠠᠴᠠ ᠳᠤ ᠰᠢᠨ᠎ᠡ ᠶᠢ ᠡᠭᠦᠳᠴᠦ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠠᠶᠠᠯᠠᠯ ᠳᠤ ᠨᠢ ᠳᠡᠮᠵᠢᠯᠭᠡ ᠲᠤᠰᠠ ᠦᠵᠡᠭᠦᠯᠦᠨ᠎ᠡ᠃      ᠨᠢᠭᠡ ᠳᠤ᠂ ᠦᠢᠯᠡᠴᠢᠯᠡᠭᠡᠨ ᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠎ᠡ᠃ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠰᠦᠯᠵᠢᠶ᠎ᠡ ᠶᠢᠨ ᠲᠣᠭᠲᠠᠯᠴᠠᠭ᠎ᠠ ᠶᠢ ᠰᠢᠯᠢᠳᠡᠭᠵᠢᠭᠦᠯᠦᠨ ᠪᠠᠶᠢᠷᠢᠯᠠᠭᠤᠯᠵᠤ᠂ ᠨᠠᠰᠤᠨ ᠳᠤ ᠥᠯᠥ ᠭᠦᠷᠦᠭᠰᠡᠳ ᠤᠨ ︽ᠰᠠᠭᠠᠳ ᠥᠬᠡᠶ ᠨᠡᠪᠲᠡᠷᠡᠬᠦ ᠵᠠᠮ︾ ᠢ ᠪᠠᠶᠢᠭᠤᠯᠵᠤ᠂ ᠠᠳᠠᠯᠢ ᠱᠠᠲᠤᠨ ᠤ ᠡᠪᠯᠡᠯ ᠤᠨ ᠬᠤᠷᠢᠶ᠎ᠠ ᠳᠤ ᠲᠦᠰᠢᠭᠯᠡᠨ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠪᠤᠶᠤ ᠡᠷᠬᠡ ᠪᠠᠨ ᠬᠠᠮᠠᠭᠠᠯᠠᠬᠤ ᠶᠢᠨ ᠬᠠᠷᠢᠯᠴᠠᠬᠤ ᠴᠡᠭ ᠢ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠤᠷᠢᠳ ᠢᠶᠠᠷ ᠭᠥᠯᠢᠶᠡᠨ ᠠᠪᠴᠤ ᠰᠢᠢᠳᠪᠦᠷᠢᠯᠡᠬᠦ᠂ ᠤᠷᠢᠳ ᠢᠶᠠᠷ ᠬᠢᠨᠠᠨ ᠪᠠᠶᠢᠴᠠᠭᠠᠬᠤ᠂ ᠤᠷᠢᠳ ᠢᠶᠠᠷ ᠲᠣᠮᠢᠯᠠᠬᠤ ᠵᠠᠷᠴᠢᠮ ᠢ ᠵᠢᠷᠤᠮᠯᠠᠨ᠂ ᠨᠥᠬᠦᠴᠡᠯ ᠳᠤ ᠨᠡᠶᠢᠴᠡᠬᠦ ᠲᠤᠰᠠᠯᠠᠮᠵᠢ ᠶᠢᠨ ᠬᠡᠷᠡᠭ ᠢ ᠲᠤᠬᠠᠢ ᠶᠢᠨ ᠡᠳᠦᠷ ᠲᠤ ᠨᠢ ᠭᠥᠯᠢᠶᠡᠨ ᠠᠪᠴᠤ ᠰᠢᠢᠳᠪᠦᠷᠢᠯᠡᠨ᠂ ᠲᠤᠬᠠᠢ ᠶᠢᠨ ᠡᠳᠦᠷ ᠲᠤ ᠨᠢ ᠲᠣᠮᠢᠯᠠᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠳᠤ ᠨᠢ ︽ᠥᠴᠦᠬᠡᠨ ᠴᠦ ᠬᠦᠯᠢᠶᠡᠯᠭᠡᠯ ᠥᠬᠡᠶ︾ ᠪᠠᠶᠢᠬᠤ ᠶᠢ ᠪᠡᠶᠡᠯᠡᠭᠦᠯᠪᠡ᠃ ᠪᠦᠬᠦ ᠣᠷᠣᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠨᠢ ᠡᠪ ᠬᠠᠮᠲᠤ ᠵᠠᠯᠠᠭᠤᠴᠤᠳ ᠤᠨ ᠡᠪᠯᠡᠯ ᠳᠤ ᠲᠦᠰᠢᠭᠯᠡᠨ ᠬᠠᠤᠯᠢ ᠴᠠᠭᠠᠵᠠ ᠶᠢᠨ ᠲᠤᠰᠠᠯᠠᠮᠵᠢ ᠣᠯᠭᠤᠬᠤ 109 ᠠᠵᠢᠯᠯᠠᠬᠤ ᠦᠷᠲᠡᠭᠡ ᠶᠢ ᠪᠠᠶᠢᠭᠤᠯᠪᠠ᠃      ᠬᠤᠶᠠᠷ ᠲᠤ᠂ ᠣᠨᠣᠴᠠᠲᠠᠶ ᠦᠢᠯᠡᠴᠢᠯᠡᠭᠡ ᠬᠠᠩᠭᠠᠨ᠎ᠠ᠃ ᠬᠥᠳᠡᠭᠡ ᠲᠣᠰᠬᠤᠨ ᠤ ᠭᠡᠷ ᠲᠤ ᠪᠠᠨ ᠦᠯᠡᠳᠡᠵᠦ ᠬᠤᠴᠤᠷᠤᠭᠰᠠᠨ ᠬᠡᠦᠬᠡᠳ᠂ ᠨᠠᠰᠤᠨ ᠳᠤ ᠬᠦᠷᠦᠭᠡᠳᠦᠢ ᠬᠤᠬᠢᠷᠠᠯ ᠠᠮᠰᠠᠭᠰᠠᠳ᠂ ᠨᠠᠰᠤᠨ ᠳᠤ ᠬᠦᠷᠦᠭᠡᠳᠦᠢ ᠵᠡᠮᠳᠡᠭᠴᠦᠳ᠂ ᠥᠨᠥᠴᠢᠨ ᠥᠷᠦᠭᠡᠰᠦᠨ ︵ᠤᠷᠤᠭ ᠰᠠᠯᠤᠭᠰᠠᠨ︶ ᠭᠡᠷ ᠪᠦᠯᠢ ᠶᠢᠨ ᠨᠠᠰᠤᠨ ᠳᠤ ᠦᠯᠦ ᠬᠦᠷᠦᠭᠰᠡᠳ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡ ᠱᠠᠭᠠᠷᠳᠠᠭᠳᠠᠬᠤ ᠬᠦᠮᠦᠰ ᠲᠤ ᠠᠩᠬᠠᠷᠤᠯ ᠢᠶᠠᠨ ᠲᠦᠪᠯᠡᠷᠡᠭᠦᠯᠵᠦ᠂ ᠬᠠᠯᠠ ᠲᠠᠮᠤ ᠠᠮᠰᠠᠭᠳᠠᠭᠰᠠᠨ᠂ ᠭᠤᠯᠣᠵᠤ ᠣᠷᠬᠢᠭᠳᠠᠭᠰᠠᠨ ᠡᠰᠡᠬᠦᠯ᠎ᠡ ᠭᠡᠷ ᠪᠦᠯᠢ ᠶᠢᠨ ᠬᠦᠴᠦᠷᠬᠡᠭᠯᠡᠯ ᠳᠤ ᠤᠴᠠᠷᠠᠭᠰᠠᠨ ᠨᠠᠰᠤᠨ ᠳᠤ ᠦᠯᠦ ᠬᠦᠷᠦᠭᠰᠡᠳ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠳᠤ ᠠᠵᠤ ᠠᠬᠤᠢ ᠶᠢᠨ ᠬᠦᠴᠢᠷᠳᠡᠯ ᠪᠠᠶᠢᠬᠤ ᠡᠰᠡᠬᠦ ᠪᠠᠷ ᠬᠢᠵᠠᠭᠠᠷᠯᠠᠭᠳᠠᠬᠤ ᠦᠭᠡᠢ᠃ ᠠᠮᠢᠳᠤᠷᠠᠯ ᠤᠨ ᠢᠷᠡᠯᠲᠡ ᠨᠢ ᠲᠣᠭᠲᠠᠪᠤᠷᠢ ᠦᠭᠡᠢ ᠪᠠᠶᠢᠬᠤ ᠨᠠᠰᠤᠨ ᠳᠤ ᠥᠯᠥ ᠭᠦᠷᠦᠭᠰᠡᠳ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠪᠠᠯ ᠠᠵᠤ ᠠᠬᠤᠶ ᠶᠢᠨ ᠬᠦᠴᠢᠷᠳᠡᠯ ᠤᠨ ᠪᠠᠶᠢᠳᠠᠯ ᠢ ᠨᠢ ᠬᠢᠨᠠᠨ ᠪᠠᠶᠢᠴᠠᠭᠠᠬᠤ ᠠᠴᠠ ᠬᠡᠯᠲᠦᠷᠢᠭᠦᠯᠦᠨ᠎ᠡ᠃ ᠬᠢᠩᠭᠠᠨ ᠠᠶᠢᠮᠠᠭ ᠤᠨ ᠡᠯ᠎ᠡ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠨᠢ ︽ᠢᠲᠡᠭᠡᠮᠵᠢ ᠪᠠᠷ ᠭᠦᠢᠴᠡᠳᠬᠡᠬᠦ ᠳᠤ ᠳᠦᠭᠦᠮ + ᠬᠠᠤᠯᠢ ᠴᠠᠭᠠᠵᠠ ᠶᠢᠨ ᠲᠤᠰᠠᠯᠠᠮᠵᠢ︾ ᠶᠢᠨ ᠬᠡᠷᠡᠭᠯᠡᠭᠡᠨ ᠤ ᠠᠬᠤᠢ ᠪᠠᠶᠢᠳᠠᠯ ᠢ ᠰᠦᠪᠡᠭᠴᠢᠯᠡᠨ ᠬᠡᠷᠡᠭᠵᠢᠭᠦᠯᠵᠦ᠂ ᠦᠨᠳᠦᠰᠦᠨ ᠨᠥᠬᠦᠴᠡᠯ ᠢ ᠪᠦᠷᠢᠯᠳᠦᠭᠦᠯᠦᠭᠰᠡᠨ᠂ ᠭᠤᠣᠯ ᠪᠣᠯᠬᠤ ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠣᠯᠪᠠᠴᠤ ᠪᠤᠰᠤᠳ ᠮᠠᠲ᠋ᠧᠷᠢᠶᠠᠯ ᠪᠤᠶᠤ ᠭᠠᠷᠳᠠᠮ ᠤᠨ ᠲᠠᠯ᠎ᠠ ᠪᠠᠷ ᠳᠤᠲᠠᠮᠠᠭ ᠪᠠᠶᠢᠬᠤ ᠬᠠᠤᠯᠢ ᠴᠠᠭᠠᠵᠠ ᠶᠢᠨ ᠲᠤᠰᠠᠯᠠᠮᠵᠢ ᠶᠢᠨ ᠵᠦᠢᠯᠡᠰ ᠢ ᠲᠤᠬᠠᠢ ᠶᠢᠨ ᠬᠥᠮᠥᠨ ᠪᠤᠶᠤ ᠬᠠᠷᠠᠭᠠᠯᠵᠠᠨ ᠬᠠᠮᠠᠭᠠᠯᠠᠭᠴᠢ ᠠᠴᠠ ᠨᠥᠬᠦᠵᠦ ᠳᠡᠶᠢᠯᠬᠦ ᠠᠮᠠᠯᠠᠯᠲᠠ ᠬᠢᠭᠰᠡᠨ ᠪᠠᠶᠢᠳᠠᠯ ᠳᠣᠣᠷ᠎ᠠ ᠲᠤᠰᠢᠶᠠᠬᠤ ᠮᠠᠲ᠋ᠧᠷᠢᠶᠠᠯ ᠨᠢ ᠲᠤᠲᠠᠭᠤ ᠪᠠᠶᠢᠭᠰᠠᠨ ᠴᠤ ᠬᠦᠯᠢᠶᠡᠨ ᠠᠪᠴᠤ ᠰᠢᠢᠳᠪᠦᠷᠢᠯᠡᠨ᠎ᠡ᠃      ᠭᠤᠷᠪᠠ ᠳᠤ᠂ ᠰᠤᠷᠭᠠᠭᠤᠯᠢ ᠶᠢᠨ ᠬᠦᠷᠢᠶᠡᠨ ᠤ ᠬᠠᠤᠯᠢ ᠲᠦᠭᠡᠮᠡᠯᠵᠢᠭᠦᠯᠬᠦ ᠠᠵᠢᠯ ᠢ ᠴᠢᠩᠭᠠᠳᠬᠠᠨ᠎ᠠ᠃ ᠡᠪᠦᠯ ᠤᠨ ᠪᠠ ᠵᠣᠨ ᠤ ᠠᠮᠠᠷᠠᠯᠲᠠ᠂ ᠬᠠᠪᠤᠷ ᠤᠨ ᠪᠠ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠵᠡᠷᠭᠡ ᠴᠠᠭ ᠬᠤᠭᠤᠴᠠᠭᠠᠨ ᠤ ᠴᠢᠬᠤᠯᠠ ᠵᠠᠩᠭᠢᠯᠠᠭ᠎ᠠ ᠶᠢᠨ ᠴᠡᠭ ᠤᠳ ᠢ ᠠᠰᠢᠭᠯᠠᠨ᠂ ᠬᠠᠤᠯᠢ ᠴᠠᠭᠠᠵᠠ ᠶᠢᠨ ᠲᠤᠰᠠᠯᠠᠮᠵᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠲᠤᠰᠬᠠᠶ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠬᠦ᠂ ᠮᠡᠬᠡᠯᠡᠯ ᠢ ᠡᠰᠡᠷᠭᠦᠴᠡᠬᠦ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠪᠠ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠵᠡᠷᠭᠡ ᠲᠠᠯ᠎ᠠ ᠶᠢᠨ ᠬᠥᠮᠦᠵᠢᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠦᠨ᠎ᠡ᠃ ᠪᠠᠶᠠᠨᠨᠠᠭᠤᠷ ᠬᠤᠲᠠ ᠶᠢᠨ ᠡᠯ᠎ᠡ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠤᠭᠤᠳ ᠨᠢ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠠ ᠬᠠᠷᠢᠯᠴᠠᠨ ᠬᠥᠳᠡᠯᠦᠯᠴᠡᠵᠦ ᠪᠡᠶᠡᠴᠢᠯᠡᠨ ᠣᠶᠢᠯᠠᠭᠠᠬᠤ ᠪᠠᠷ ᠳᠠᠮᠵᠢᠭᠤᠯᠤᠨ᠂ ︽ᠭᠦᠨ ᠰᠠᠭᠤᠭᠳᠠᠭᠤᠯᠬᠤ ᠮᠠᠶ᠋ᠢᠭ︾ ᠤᠨ ᠬᠠᠤᠯᠢ ᠲᠦᠭᠡᠮᠡᠯᠵᠢᠭᠦᠯᠬᠦ ᠪᠡᠶᠡᠴᠢᠯᠡᠨ ᠣᠶᠢᠯᠠᠭᠠᠬᠤ ᠦᠢᠯᠡᠳᠦᠯᠭᠡ ᠬᠥᠮᠦᠵᠢᠯ ᠤᠨ ᠠᠵᠢᠯᠯᠠᠭ᠎ᠠ ᠶᠢ ᠰᠢᠨ᠎ᠡ ᠪᠠᠷ ᠡᠭᠦᠳᠦᠨ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠢ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠭᠦᠨ ᠰᠠᠭᠤᠭᠳᠠᠯ ᠲᠠᠢ ᠪᠣᠯᠲᠠᠯ᠎ᠠ ᠨᠢ ᠰᠤᠷᠤᠯᠴᠠᠭᠤᠯᠵᠤ᠂ ᠬᠠᠤᠯᠢᠵᠢᠯ ᠤᠨ ᠤᠬᠠᠮᠰᠠᠷ ᠪᠠ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠪᠡ᠃ ᠤᠯᠠᠭᠠᠨᠬᠠᠳᠠ ᠬᠤᠲᠠ ᠶᠢᠨ ᠬᠢᠨ ︽ᠵᠠᠯᠠᠭᠤᠴᠤᠳ ᠪᠠᠭᠠᠴᠤᠳ ᠢ ᠬᠠᠤᠯᠢᠵᠢᠯ ᠢᠶᠠᠷ ᠰᠤᠷᠭᠠᠨ ᠬᠦᠮᠦᠵᠢᠭᠦᠯᠬᠦ ᠬᠥᠲᠥᠯᠪᠦᠷᠢ︾ ᠶᠢ ᠨᠠᠶᠢᠳᠠᠪᠤᠷᠢᠵᠢᠭᠤᠯᠵᠤ᠂ ᠬᠠᠤᠯᠢᠵᠢᠯ ᠤᠨ ᠵᠢᠭᠠᠨ ᠰᠤᠷᠭᠠᠯᠲᠠ ᠶᠢᠨ ᠬᠢᠴᠢᠶᠡᠯ ᠢ ᠪᠥᠬᠦ ᠲᠠᠯ᠎ᠠ ᠪᠠᠷ ᠬᠡᠷᠡᠭᠵᠢᠭᠦᠯᠵᠦ᠂ 573 ᠳᠤᠮᠳᠠᠳᠤ ᠪᠠᠭ᠎ᠠ ᠰᠤᠷᠭᠠᠭᠤᠯᠢ ᠳᠤ ᠬᠠᠤᠯᠢ ᠪᠠᠷ ᠵᠠᠰᠠᠬᠤ ᠳᠡᠳ᠋ ᠵᠠᠬᠢᠷᠤᠯ ᠳᠣᠬᠢᠷᠠᠭᠤᠯᠤᠭᠰᠠᠨ ᠨᠣᠷᠮ᠎ᠠ 100% ᠳᠤ ᠬᠦᠷᠴᠦ᠂ ᠬᠠᠤᠯᠢ ᠪᠠᠷ ᠵᠠᠰᠠᠬᠤ ᠤᠨᠴᠠᠯᠢᠭᠳᠤ ᠰᠤᠷᠭᠠᠭᠤᠯᠢ ᠶᠢ ᠪᠤᠶᠢᠵᠢᠭᠤᠯᠤᠨ ᠪᠠᠶᠢᠭᠤᠯᠬᠤ ᠠᠵᠢᠯ ᠢ ᠥᠷᠨᠢᠭᠦᠯᠦᠨ᠂ ᠵᠠᠯᠠᠭᠤᠴᠤᠳ ᠪᠠᠭᠠᠴᠤᠳ ᠲᠤ ᠬᠠᠤᠯᠢ ᠶᠢᠨ ᠤᠬᠠᠭᠠᠨ ᠢ ᠰᠤᠷᠤᠯᠴᠠᠬᠤ ᠲᠡᠮᠳᠡᠭᠯᠡᠯ ᠤᠨ ᠳᠡᠪᠲᠡᠷ ᠢ ᠳᠠᠷᠤᠮᠠᠯᠯᠠᠨ ᠦᠢᠯᠡᠳᠦᠨ ᠥᠭᠴᠦ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠳᠤ ︽ᠬᠥᠮᠦᠨ ᠤ ᠠᠮᠢᠳᠤᠷᠠᠯ ᠤᠨ ᠠᠩᠬᠠᠨ ᠤ ᠬᠠᠤᠯᠢᠵᠢᠯ ᠤᠨ ᠬᠢᠴᠢᠶᠡᠯ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃      ᠲᠦᠷᠪᠡ ᠳᠤ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠴᠡ ᠶᠢᠨ ᠣᠨᠴᠠᠯᠢᠭ ᠢ ᠰᠠᠶᠢᠲᠤᠷ ᠣᠶᠢᠯᠠᠭᠠᠬᠤ ᠪᠠ ᠨᠠᠰᠤᠨ ᠳᠤ ᠦᠯᠦ ᠬᠦᠷᠦᠭᠰᠡᠳ ᠤᠨ ᠬᠠᠤᠯᠢ ᠴᠠᠭᠠᠵᠠ ᠶᠢᠨ ᠲᠤᠬᠠᠶᠢᠯᠠᠭᠰᠠᠨ ᠠᠵᠢᠯ ᠳᠤ ᠴᠠᠭᠠᠷᠠᠭᠰᠠᠨ ᠬᠠᠤᠯᠢᠴᠢ ᠶᠢ ᠡᠩ ᠲᠡᠷᠢᠭᠦᠨ ᠳᠤ ᠲᠣᠮᠢᠯᠠᠵᠤ ᠨᠠᠰᠤᠨ ᠳᠤ ᠦᠯᠦ ᠬᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠭᠦᠯᠵᠦ᠂ ᠡᠴᠦᠰ ᠲᠤ ᠨᠢ ᠲᠤᠯᠲᠠᠯ᠎ᠠ ᠲᠤᠰᠠᠯᠠᠬᠤ ᠶᠢ ᠬᠡᠷᠡᠭᠵᠢᠭᠦᠯᠪᠡ᠃ ᠬᠥᠬᠡᠬᠤᠲᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠬᠤᠲᠠ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠵᠥᠪᠯᠡᠯ ᠤᠨ ᠰᠠᠭᠤᠷᠢᠨ ᠳᠡᠭᠡᠷ᠎ᠡ᠂ ᠤᠯᠤᠰ ᠲᠥᠷᠥ ᠶᠢᠨ ᠤᠬᠠᠮᠰᠠᠷ ᠢᠶᠠᠷ ᠴᠢᠩᠭ᠎ᠠ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠰᠠᠶᠢᠨ᠂ ᠬᠠᠶᠢᠷ᠎ᠠ ᠬᠠᠯᠠᠮᠵᠢ ᠲᠠᠢ᠂ ᠪᠤᠰᠤᠳ ᠲᠤ ᠲᠤᠰᠠᠴᠢ 50 ᠬᠠᠤᠯᠢᠴᠢ ᠶᠢ ᠣᠷᠣᠭᠤᠯᠵᠤ ᠠᠪᠴᠢᠷᠠᠨ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢᠴᠢᠳ ᠤᠨ ᠬᠥᠮᠥᠷᠭᠡ ᠶᠢ ᠵᠣᠬᠢᠶᠠᠨ ᠪᠠᠶᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠤᠬᠡᠳ᠂ ᠬᠡᠷ ᠲᠤ ᠪᠠᠨ ᠦᠯᠡᠳᠡᠵᠦ ᠬᠤᠴᠣᠷᠤᠭᠰᠠᠨ ᠬᠡᠤᠬᠡᠳ᠂ ᠵᠡᠮᠳᠡᠭ ᠬᠡᠤᠬᠡᠳ ᠲᠤ ᠪᠣᠯᠵᠣᠬᠤ ᠦᠢᠯᠡᠴᠢᠯᠡᠭᠡ᠂ ᠬᠡᠷ ᠲᠤ ᠨᠢ ᠬᠦᠷᠴᠦ ᠦᠢᠯᠡᠴᠢᠯᠡᠬᠦ ᠦᠢᠯᠡᠴᠢᠯᠡᠭᠡ ᠶᠢ ᠣᠨᠣᠴᠠᠲᠠᠶ ᠪᠠᠷ ᠬᠠᠩᠭᠠᠪᠠ᠃      ᠲᠠᠪᠤ ᠳᠤ᠂ ᠣᠨᠴᠠᠯᠢᠭᠲᠤ ᠨᠡᠷᠡᠲᠦ ᠲᠡᠮᠳᠡᠭ ᠢ ᠡᠭᠦᠳᠪᠡ᠃ ᠥᠪᠥᠷ ᠮᠣᠩᠭᠤᠯ ᠤᠨ ︽12348︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤ ᠨᠢ ᠨᠠᠰᠤᠨ ᠳᠤ ᠥᠯᠥ ᠭᠦᠷᠦᠭᠰᠡᠳ ᠲᠤ 7 × 24 ᠴᠠᠭ ᠤᠨ ᠪᠥᠬᠦ ᠵᠢᠯ ᠢᠶᠠᠷ ᠠᠮᠠᠷᠠᠯᠲᠠ ᠥᠬᠡᠶ ᠪᠠᠷ ᠦᠢᠯᠡᠴᠢᠯᠡᠬᠦ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠪᠠ ᠰᠡᠳᠬᠢᠴᠡ ᠶᠢᠨ ᠵᠥᠪᠯᠡᠯᠭᠡ ᠥᠭᠬᠦ ᠦᠢᠯᠡᠴᠢᠯᠡᠭᠡ ᠶᠢ ᠰᠦᠢᠳᠬᠡᠯ ᠬᠤᠷᠢᠶᠠᠬᠤ ᠥᠬᠡᠶ ᠪᠠᠷ ᠬᠠᠩᠭᠠᠵᠤ ᠪᠣᠢ᠃ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠰᠠᠳ ᠲᠤ ᠦᠢᠯᠡᠴᠢᠯᠡᠬᠦ ᠬᠠᠯᠠᠮᠰᠢᠯ ᠤᠲᠠᠰᠤ ᠲᠣᠰᠬᠤ ᠲᠤᠰᠬᠠᠶ ᠬᠦᠮᠦᠨ ᠲᠠᠭᠠᠷᠠᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠰᠠᠭᠤᠨ ᠯᠠᠪᠯᠠᠯᠲᠠ ᠶᠢ ᠲᠤᠰᠬᠠᠶᠢᠯᠠᠨ ᠭᠥᠯᠢᠶᠡᠨ ᠠᠪᠴᠤ ᠰᠤᠨᠤᠰᠤᠨ᠂ ᠨᠠᠰᠤᠨ ᠳᠤ ᠥᠯᠥ ᠭᠦᠷᠦᠭᠰᠡᠳ ᠤᠨ ᠤᠲᠠᠰᠤ ᠢᠷᠡᠭᠦᠯᠦᠭᠰᠡᠨ ᠠᠰᠠᠭᠤᠨ ᠯᠠᠪᠯᠠᠯᠲᠠ ᠶᠢᠨ ᠠᠭᠤᠯᠭ᠎ᠠ ᠶᠢ ᠴᠠᠭ ᠲᠤᠬᠠᠶ ᠳᠤ ᠨᠢ ᠵᠠᠳᠠᠯᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠦᠯᠦᠯᠲᠡ ᠶᠢᠨ ᠲᠣᠭᠲᠠᠴᠠ ᠶᠢ ᠬᠡᠷᠡᠭᠵᠢᠭᠦᠯᠪᠡ᠃ ︽110︾ ᠳᠣᠲᠣᠭᠠᠳᠤ ᠶᠢ ᠬᠠᠮᠠᠭᠠᠯᠠᠬᠤ ᠲᠦᠭᠰᠢᠭᠦᠷᠢ ᠮᠡᠳᠡᠭᠦᠯᠬᠦ ᠤᠲᠠᠰᠤ᠂ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ᠂ ︽12355︾ ᠵᠠᠯᠠᠭᠤᠴᠤᠳ ᠪᠠᠭᠠᠴᠤᠳ ᠤᠨ ᠦᠢᠯᠡᠴᠢᠯᠡᠭᠡᠨ ᠤ ᠲᠠᠪᠴᠠᠩ ᠵᠡᠷᠭᠡ ᠰᠠᠯᠠᠭ᠎ᠠ ᠮᠥᠴᠢᠷ ᠤᠳ ᠤᠨ ᠬᠠᠯᠠᠮᠰᠢᠯ ᠤᠲᠠᠰᠤ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠲᠤ ︽ᠡᠷᠢᠵᠦ ᠣᠯᠳᠠᠬᠤ᠂ ᠰᠠᠶᠢᠲᠤᠷ ᠬᠡᠷᠡᠭᠯᠡᠭᠳᠡᠬᠦ᠂ ᠭᠦᠢᠴᠡᠳᠬᠡᠵᠦ ᠥᠭᠴᠦ ᠳᠡᠶᠢᠯᠬᠦ︾ ᠨᠢᠭᠡ ᠥᠷᠲᠡᠭᠡᠴᠢᠯᠡᠭᠰᠡᠨ ᠮᠠᠶ᠋ᠢᠭ ᠤᠨ ᠬᠠᠤᠯᠢ ᠴᠠᠭᠠᠵᠠ ᠶᠢᠨ ᠠᠰᠠᠭᠤᠨ ᠯᠠᠪᠯᠠᠬᠤ ᠦᠢᠯᠡᠴᠢᠯᠡᠭᠡ ᠬᠦᠷᠲᠡᠭᠡᠬᠦ ᠶᠢ ᠦᠨᠡᠨ ᠬᠦ ᠪᠠᠲᠤᠯᠠᠵᠤ ᠪᠣᠢ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ