ᠲᠣᠭᠲᠠᠭᠠᠯ ᠢ ᠵᠥᠷᠢᠴᠡᠨ ᠮᠣᠣᠲ᠋ᠠᠢ ᠠᠷᠢᠬᠢ ᠭᠥᠯᠢᠶᠡᠨ ᠠᠪᠤᠬᠰᠡᠨ᠂ ᠠᠯᠪᠠᠨ ᠤ ᠵᠣᠭᠤᠰ ᠢ ᠮᠡᠬᠡᠯᠡᠨ ᠠᠪᠴᠤ ᠢᠳᠡᠵᠦ ᠤᠤᠭᠤᠬᠤ ᠳᠤ ᠬᠡᠷᠡᠭᠯᠡᠭᠰᠡᠨ᠂ | ᠲᠣᠭᠲᠠᠭᠠᠯ ᠢ ᠵᠥᠷᠢᠴᠡᠨ ᠬᠠᠮᠢᠶᠠᠷᠴᠤ ᠦᠢᠯᠡᠴᠢᠯᠡᠬᠦ ᠡᠲᠡᠭᠡᠳ ᠤᠨ ᠲᠣᠬᠢᠷᠠᠭᠤᠯᠤᠭᠰᠠᠨ ᠳᠠᠶᠢᠯᠠᠯᠭ᠎ᠠ ᠶᠢ ᠭᠥᠯᠢᠶᠡᠨ ᠠᠪᠤᠭᠰᠠᠨ ᠁ ᠣᠶᠢᠷ᠎ᠠ ᠳᠤ᠂ ᠬᠠᠶᠢᠨᠠᠨ | ᠮᠤᠵᠢ ᠶᠢᠨ ᠬᠢᠨ ᠲᠣᠭᠲᠠᠭᠠᠯ ᠢ ᠵᠥᠷᠢᠴᠡᠨ ᠢᠳᠡᠵᠦ ᠤᠤᠭᠤᠭᠰᠠᠨ᠂ ᠲᠣᠭᠲᠠᠭᠠᠯ ᠢ ᠵᠥᠷᠢᠴᠡᠨ ᠪᠡᠯᠡᠭ ᠰᠡᠯᠲᠡ ᠪᠡᠯᠡᠭ ᠤᠨ ᠵᠣᠭᠤᠰ ᠭᠥᠯᠢᠶᠡᠨ ᠠᠪᠤᠭᠰᠠᠨ 6 | ᠨᠡᠶᠢᠲᠡᠯᠢᠭ ᠠᠰᠠᠭᠤᠳᠠᠯ ᠢ ᠵᠠᠷᠯᠠᠨ ᠮᠡᠳᠡᠭᠳᠡᠵᠦ᠂ ᠣᠳᠣᠬᠠᠨ ᠤ ︽ᠳᠥᠷᠪᠡᠨ ᠰᠤᠷᠲᠠᠯ︾ ᠤᠨ ᠠᠰᠠᠭᠤᠳᠠᠯ ᠮᠥᠨ ᠯᠡ ᠮᠤᠵᠢᠭᠤᠳᠠ ᠪᠤᠳᠤᠯᠢᠶᠠᠨᠲᠠᠶ ᠪᠠᠶᠢᠬᠤ ᠶᠢ | ᠲᠤᠰᠬᠠᠪᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠡᠷᠬᠡᠪᠰᠢ ︽ᠳᠥᠷᠪᠡᠨ ᠰᠤᠷᠲᠠᠯ︾ ᠤᠨ ᠲᠣᠪᠤᠶᠢᠮ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠲᠠᠢ ᠪᠠᠷ ᠵᠠᠰᠠᠵᠤ᠂ ᠠᠯᠮᠠᠶᠢᠷᠠᠵᠤ᠂ ᠠᠩᠬᠠᠷᠤᠯ ᠰᠢᠯᠵᠢᠵᠤ ᠪᠣᠯᠬᠤ ᠥᠬᠡᠶ᠃ | ︽ᠲᠦᠷᠪᠡᠨ ᠰᠤᠷᠲᠠᠯ︾ ᠤᠨ ᠠᠰᠠᠭᠤᠳᠠᠯ ᠪᠣᠯ ᠰᠤᠷᠲᠠᠯ ᠤᠨ ᠠᠰᠠᠭᠤᠳᠠᠯ ᠤᠨ ᠲᠥᠪᠯᠡᠷᠡᠩᠭᠦᠢ ᠢᠯᠡᠷᠡᠯ ᠮᠥᠨ᠂ ᠲᠡᠷᠡ ᠨᠢ ᠮᠠᠨ ᠤ ᠨᠠᠮ ᠤᠨ ᠰᠢᠨᠵᠢ ᠴᠢᠨᠠᠷ | ᠪᠠ ᠵᠣᠷᠢᠯᠲᠠ ᠠᠴᠠ ᠲᠡᠷᠰᠯᠡᠵᠦ᠂ ᠠᠷᠠᠳ ᠤᠯᠠᠨ ᠲᠦᠢᠯ ᠢᠶᠠᠷ ᠬᠤᠷᠣᠰᠤᠨ ᠵᠠᠨᠤᠵᠤ᠂ ᠴᠢᠩᠭ᠎ᠠ ᠲᠤᠰᠬᠠᠯ ᠲᠠᠢ ᠪᠠᠶᠢᠨ᠎ᠠ᠃ ᠤᠢᠢᠷ᠎ᠠ ᠶᠢᠨ ᠵᠢᠯ ᠳᠤ᠂ ᠡᠯ᠎ᠡ | ᠲᠠᠯ᠎ᠠ ᠶᠢᠨ ᠬᠢᠨ ︽ᠲᠦᠷᠪᠡᠨ ᠰᠤᠷᠲᠠᠯ︾ ᠤᠨ ᠬᠠᠭᠤᠴᠢᠨ ᠠᠰᠠᠭᠤᠳᠠᠯ ᠪᠣᠯᠤᠨ ᠰᠢᠨ᠎ᠡ ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠦᠨ ᠲᠥᠪᠯᠡᠷᠡᠭᠦᠯᠦᠨ | ᠴᠡᠭᠴᠡᠯᠡᠨ ᠵᠠᠰᠠᠵᠤ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ ᠬᠦᠴᠦᠲᠡᠢ ᠬᠤᠷᠢᠭᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠭᠤᠣᠯᠳᠠᠯᠭ᠎ᠠ ᠲᠠᠢ ᠴᠡᠭᠴᠡᠯᠡᠨ ᠵᠠᠰᠠᠪᠠ᠃ ︽ᠲᠦᠷᠪᠡᠨ ᠰᠤᠷᠲᠠᠯ︾ ᠤᠨ ᠠᠷᠬᠠᠭ ᠬᠡᠮ ᠢ ᠪᠦᠲᠦᠮᠵᠢᠲᠡᠢ ᠪᠠᠷ ᠬᠤᠪᠢᠷᠠᠭᠤᠯᠵᠤ᠂ ᠭᠠᠵᠢᠭᠤ ᠰᠤᠷᠲᠠᠯ ᠤᠨ ᠣᠷᠣᠰᠢᠨ | ᠲᠣᠭᠲᠠᠨᠢᠬᠤ ᠣᠷᠣᠨ ᠵᠠᠢ ᠶᠢ ᠲᠠᠰᠤᠷᠠᠯᠳᠠ ᠦᠭᠡᠢ ᠪᠠᠭᠠᠰᠬᠠᠵᠤ᠂ ᠨᠠᠮ ᠤᠨ ᠰᠤᠷᠲᠠᠯ ᠢ ᠪᠦᠬᠦᠯᠢ ᠴᠣᠭᠴᠠ ᠪᠠᠷ ᠨᠢ ᠰᠠᠶᠢᠵᠢᠷᠠᠭᠤᠯᠪᠠ᠃ | ᠡᠭᠦᠨ ᠤ ᠵᠡᠷᠭᠡ ᠪᠠᠷ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠬᠠᠭᠤᠴᠢᠨ ᠠᠰᠠᠭᠤᠳᠠᠯ᠂ ᠰᠢᠨ᠎ᠡ ᠬᠤᠪᠢᠯᠪᠤᠷᠢ ᠮᠥᠨ ᠬᠦ ᠳᠠᠯᠳᠠ ᠪᠠᠷ ᠡᠭᠦᠰᠦᠨ | ᠳᠡᠯᠭᠡᠷᠡᠵᠦ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠪᠠᠶᠢᠨ ᠳᠠᠬᠢᠨ ᠲᠣᠯᠣᠭᠠᠶ ᠥᠨᠳᠡᠶᠢᠵᠦ᠂ ᠢᠯᠠᠩᠭᠤᠶ᠎ᠠ ᠬᠠᠷᠢᠭᠤᠴᠠᠯᠭ᠎ᠠ ᠡᠭᠦᠷᠭᠡᠯᠡᠬᠦ ᠥᠬᠡᠶ | ᠠᠵᠢᠯ ᠬᠢᠬᠦ ᠥᠬᠡᠶ᠂ ᠬᠠᠷᠢᠯᠴᠠᠨ ᠲᠦᠯᠬᠢᠯᠴᠡᠬᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠨᠢᠭᠡ ᠯᠡ ᠠᠳᠠᠯᠢ ᠪᠠᠷ ᠱᠠᠭᠠᠷᠳᠠᠬᠤ᠂ ᠵᠣᠬᠢᠶᠠᠯ ᠤᠨ ᠰᠤᠷᠲᠠᠯ | ᠬᠤᠷᠠᠯ ᠤᠨ ᠰᠤᠷᠲᠠᠯ ᠨᠢ ᠦᠨᠡᠨ ᠪᠣᠳᠠᠲᠠᠶ ᠪᠤᠰᠤ ᠲᠥᠪ ᠪᠤᠰᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠵᠡᠷᠭᠡ ᠲᠣᠪᠤᠶᠢᠮ᠎ᠠ ᠠᠰᠠᠭᠤᠳᠠᠯ ᠣᠷᠣᠰᠢᠵᠤ᠂ | ᠺᠠᠳ᠋ᠷ ᠣᠯᠠᠨ ᠲᠦᠮᠡᠨ ᠤ ᠲᠤᠰᠬᠠᠯ ᠮᠥᠨ ᠬᠦ ᠨᠡᠯᠢᠶᠡᠳ ᠴᠢᠩᠭ᠎ᠠ ᠪᠠᠶᠢᠬᠤ ᠶᠢ ᠪᠠᠰᠠ ᠣᠯᠵᠤ ᠬᠠᠷᠠᠬᠤ ᠬᠡᠷᠡᠭᠲᠡᠶ᠃ ᠡᠷᠬᠡᠪᠰᠢ ᠠᠩᠬᠠᠷᠤᠯ ᠢᠶᠠᠨ ᠲᠥᠪᠯᠡᠷᠡᠭᠦᠯᠵᠦ᠂ | ᠭᠤᠤᠯᠳᠠᠯᠭ᠎ᠠ ᠶᠢ ᠣᠨᠣᠪᠴᠢᠲᠠᠢ ᠡᠷᠢᠵᠦ᠂ ᠠᠮᠢᠨ ᠭᠠᠵᠠᠷ ᠢ ᠨᠢ ᠠᠳᠬᠤᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ ᠦᠷᠭᠦᠯᠵᠢᠯᠡᠨ ᠭᠦᠨᠵᠡᠭᠡᠢ ᠵᠠᠯᠠᠷᠠᠭᠤᠯᠬᠤ | ᠬᠡᠷᠡᠭᠲᠡᠢ᠃ | ︽ᠲᠦᠷᠪᠡᠨ ᠰᠤᠷᠲᠠᠯ︾ ᠤᠨ ᠠᠰᠠᠭᠤᠳᠠᠯ ᠢ ᠰᠢᠢᠳᠪᠦᠷᠢᠯᠡᠬᠦ ᠳᠤ ᠭᠤᠣᠯ ᠵᠥᠷᠢᠴᠡᠯ ᠪᠠ ᠵᠥᠷᠢᠴᠡᠯ ᠤᠨ ᠭᠤᠣᠯ ᠲᠠᠯ᠎ᠠ ᠶᠢ ᠠᠳᠬᠤᠵᠤ᠂ ᠶᠠᠮᠠᠷ ᠠᠰᠠᠭᠤᠳᠠᠯ | ᠲᠤᠪᠤᠶᠢᠮ᠎ᠠ ᠪᠠᠶᠢᠪᠠᠯ ᠲᠡᠷᠡ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠶᠠᠮᠠᠷ ᠠᠰᠠᠭᠤᠳᠠᠯ ᠲᠤᠯᠭᠠᠮ ᠪᠠᠶᠢᠪᠠᠯ ᠲᠡᠷᠡ ᠠᠰᠠᠭᠤᠳᠠᠯ ᠢ ᠱᠠᠯᠠᠪᠳᠠᠭᠤᠯᠤᠨ | ᠰᠢᠢᠳᠪᠦᠷᠢᠯᠡᠬᠦ ᠬᠡᠷᠡᠭᠲᠡᠢ᠃ ᠬᠡᠯᠪᠡᠷᠢᠴᠢ ᠦᠵᠡᠯ ᠢ ᠡᠰᠡᠷᠭᠦᠴᠡᠬᠦ ᠳᠤ ᠠᠵᠢᠯ ᠤᠨ ᠪᠣᠳᠠᠲᠠᠢ ᠪᠤᠰᠤ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠬᠦ | ᠬᠡᠷᠡᠭᠲᠡᠢ︔ ᠨᠣᠶᠠᠨᠴᠢ ᠰᠤᠷᠲᠠᠯ ᠢ ᠡᠰᠡᠷᠭᠦᠴᠡᠬᠦ ᠳᠤ ᠠᠷᠠᠳ ᠤᠯᠠᠨ ᠤ ᠠᠰᠢᠭ ᠲᠤᠰᠠ ᠶᠢ ᠬᠠᠮᠠᠭᠠᠯᠠᠬᠤ ᠦᠭᠡᠢ᠂ ᠵᠢᠳᠬᠦᠯ ᠴᠢᠷᠮᠠᠶᠢᠯᠭ᠎ᠠ ᠭᠠᠷᠭᠠᠬᠤ ᠦᠭᠡᠢ | ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠢ︔ ᠵᠢᠷᠭᠠᠨ ᠴᠡᠩᠭᠡᠬᠦ ᠦᠵᠡᠯ ᠢ ᠡᠰᠡᠷᠭᠦᠴᠡᠬᠦ ᠳᠤ ᠴᠠᠭ ᠲᠤᠬᠠᠢ ᠳᠤᠨᠢ ᠵᠢᠷᠭᠠᠨ ᠴᠡᠩᠭᠡᠬᠦ ᠦᠵᠡᠯ ᠰᠠᠨᠠᠭ᠎ᠠ | ᠪᠠ ᠣᠨᠴᠠ ᠡᠷᠬᠡ ᠶᠢᠨ ᠦᠵᠡᠭᠳᠡᠯ ᠢ ᠭᠤᠣᠯᠳᠠᠯᠭ᠎ᠠ ᠲᠠᠢ ᠲᠡᠪᠴᠢᠬᠦ ᠬᠡᠷᠡᠭᠲᠡᠢ︔ ᠱᠠᠯᠢᠨ ᠪᠦᠷᠢᠯᠭᠡᠬᠦ ᠰᠤᠷᠲᠠᠯ ᠢ ᠡᠰᠡᠷᠭᠦᠴᠡᠬᠦ ᠳᠤ ᠱᠠᠯᠢᠨ ᠪᠦᠷᠢᠯᠭᠡᠵᠦ ᠵᠢᠷᠭᠠᠨ | ᠴᠡᠩᠭᠡᠬᠦ ᠪᠠ ᠤᠮᠤᠷᠬᠠᠭ ᠲᠠᠩᠬᠠᠢ ᠤᠵᠢᠳ ᠰᠠᠮᠠᠭᠤᠨ ᠮᠠᠭᠤ ᠰᠤᠷᠲᠠᠯ ᠢ ᠭᠤᠣᠯᠳᠠᠯᠭ᠎ᠠ ᠲᠠᠢ ᠬᠤᠷᠢᠭᠯᠠᠨ ᠵᠣᠭᠰᠣᠭᠠᠬᠤ ᠬᠡᠷᠡᠭᠲᠡᠢ᠃ ᠬᠠᠷᠠᠯᠲᠠ ᠪᠠᠨ ᠣᠨᠣᠪᠴᠢᠲᠠᠢ | ᠣᠯᠵᠤ᠂ ᠬᠠᠷᠠᠯᠲᠠ ᠲᠠᠢ ᠪᠠᠷ ᠰᠤᠮᠤ ᠬᠠᠷᠪᠤᠪᠠᠯ ᠰᠠᠶ᠋ᠢ ᠪᠣᠳᠠᠲᠤ ᠦᠷ᠎ᠡ ᠪᠦᠲᠦᠮᠵᠢ ᠣᠯᠵᠤ ᠴᠢᠳᠠᠨ᠎ᠠ᠃ | ︽ᠳᠥᠷᠪᠡᠨ ᠰᠤᠷᠲᠠᠯ︾ ᠤᠨ ᠠᠰᠠᠭᠤᠳᠠᠯ ᠢ ᠰᠢᠢᠳᠪᠦᠷᠢᠯᠡᠬᠦ ᠳᠤ ᠥᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠬᠡᠷᠡᠭᠲᠡᠶ᠃ ︽ᠲᠦᠷᠪᠡᠨ ᠰᠤᠷᠲᠠᠯ︾ | ᠤᠨ ᠠᠰᠠᠭᠤᠳᠠᠯ ᠤᠨ ᠡᠯ᠎ᠡ ᠵᠦᠢᠯ ᠤᠨ ᠢᠯᠡᠷᠡᠯ ᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠵᠠᠯᠠᠷᠠᠭᠤᠯᠬᠤ ᠶᠣᠰᠣᠲᠠᠢ ᠶᠢ ᠨᠢ ᠵᠠᠯᠠᠷᠠᠭᠤᠯᠵᠤ᠂ ᠴᠠᠭᠠᠵᠠᠯᠠᠬᠤ | ᠶᠣᠰᠣᠲᠠᠢ ᠶᠢ ᠨᠢ ᠴᠠᠭᠠᠵᠠᠯᠠᠬᠤ ᠬᠡᠷᠡᠭᠲᠡᠢ᠂ ᠡᠭᠦᠨ ᠤ ᠵᠡᠷᠭᠡ ᠪᠠᠷ ᠠᠰᠠᠭᠤᠳᠠᠯ ᠢ ᠭᠠᠳᠠᠷ ᠠᠴᠠ ᠨᠢ ᠳᠣᠲᠣᠷ᠎ᠠ ᠳᠤᠨᠢ ᠬᠦᠷᠳᠡᠯ᠎ᠠ ᠭᠦᠨ ᠳᠠᠪᠬᠤᠷᠭ᠎ᠠ ᠶᠢᠨ ᠰᠢᠯᠲᠠᠭᠠᠨ ᠢ | ᠡᠷᠢᠵᠦ᠂ ︽ᠲᠦᠷᠪᠡᠨ ᠰᠤᠷᠲᠠᠯ︾ ᠤᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠦᠰᠡᠯᠡᠩ ᠢᠲᠡᠭᠡᠯ ᠪᠢᠰᠢᠷᠡᠯ ᠤᠨ | ᠬᠥᠮᠦᠵᠢᠯ ᠬᠢᠬᠦ᠂ ᠪᠠᠶᠢᠭᠤᠯᠤᠯ ᠲᠣᠭᠲᠠᠴᠠ ᠶᠢ ᠪᠦᠷᠢᠨᠰᠢᠬᠦᠯᠬᠦ ᠵᠡᠷᠭᠡ ᠲᠠᠢ ᠨᠡᠪᠲᠡᠷᠡᠯᠴᠡᠬᠦᠯᠵᠤ᠂ ᠰᠢᠰᠲ᠋ᠧᠮ ᠤᠨ ᠴᠢᠨᠠᠷᠲᠠᠢ ᠠᠷᠭ᠎ᠠ ᠬᠡᠮᠵᠢᠶ᠎ᠡ ᠪᠠᠷ ᠲᠥᠪ ᠪᠤᠰᠤ | ᠰᠤᠷᠲᠠᠯ ᠢ ᠬᠤᠷᠢᠭᠯᠠᠬᠤ ᠬᠡᠷᠡᠭᠲᠡᠢ᠃ | ᠰᠤᠷᠲᠠᠯ ᠢ ᠵᠠᠯᠠᠷᠠᠭᠤᠯᠬᠤ ᠶᠢᠨ ᠬᠦᠴᠢᠷ ᠨᠢ ᠳᠠᠬᠢᠨ ᠡᠭᠦᠰᠭᠦ ᠶᠢ ᠰᠡᠷᠭᠡᠶᠢᠯᠡᠬᠦ ᠳᠤ ᠪᠠᠶᠢᠨ᠎ᠠ᠃ ᠣᠳᠣᠬᠠᠨ ᠳᠤ ᠵᠠᠷᠢᠮ ᠭᠠᠵᠢᠭᠤ ᠠᠷᠭ᠎ᠠ ᠶᠢ ᠬᠡᠷᠡᠭᠯᠡᠬᠦ᠂ | ᠳᠤᠲᠠᠭᠤ ᠲᠤᠷᠭᠤᠨ ᠬᠢᠬᠦ᠂ ᠪᠠᠶᠢᠳᠠᠯ ᠢ ᠨᠢ ᠦᠵᠡᠵᠤ ᠬᠤᠪᠢᠷᠠᠭᠤᠯᠬᠤ ᠦᠵᠡᠭᠳᠡᠯ ᠣᠷᠣᠰᠢᠵᠤ᠂ ᠪᠢᠳᠡᠨ ᠢ ︽ᠲᠦᠷᠪᠡᠨ ᠰᠤᠷᠲᠠᠯ︾ ᠤᠨ ᠰᠢᠨ᠎ᠡ ᠬᠡᠯᠪᠡᠷᠢ ᠰᠢᠨ᠎ᠡ | ᠬᠠᠨᠳᠤᠰᠢ ᠶᠢ ᠴᠢᠩᠭ᠎ᠠ ᠠᠩᠬᠠᠷᠴᠤ᠂ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠵᠠᠰᠠᠯᠲᠠ ᠶᠢᠨ ᠠᠷᠭ᠎ᠠ ᠪᠠᠷᠢᠯ ᠢᠶᠠᠨ | ᠪᠠᠶᠠᠯᠢᠭᠵᠢᠭᠤᠯᠬᠤ ᠬᠡᠷᠡᠭᠲᠡᠢ ᠭᠡᠵᠦ ᠰᠡᠷᠡᠮᠵᠢᠯᠡᠭᠦᠯᠵᠦ ᠪᠠᠶᠢᠨ᠎ᠠ᠃ ᠪᠠᠰᠠ ︽ᠲᠦᠷᠪᠡᠨ ᠰᠤᠷᠲᠠᠯ︾ ᠤᠨ ᠠᠰᠠᠭᠤᠳᠠᠯ ᠤᠨ ᠮᠤᠵᠢᠭᠤᠳᠠ ᠴᠢᠨᠠᠷ᠂ ᠤᠷᠳᠤ | ᠬᠤᠭᠤᠴᠠᠭᠠᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠲᠠᠨᠢᠵᠤ᠂ ︽ᠶᠠᠳᠠᠷᠠᠯ ᠵᠦᠳᠡᠷᠡᠯ ᠤᠨ ᠨᠡᠶᠢᠯᠡᠭ ᠬᠡᠮ︾ ᠡᠭᠦᠰᠭᠦ ᠶᠢ ᠡᠷᠡᠰ ᠰᠡᠷᠭᠡᠶᠢᠯᠡᠵᠦ᠂ ᠪᠠᠷᠢᠮᠲᠠᠯᠠᠬᠤ | ᠳᠤᠮᠳᠠ ᠪᠠᠶᠢᠩᠭᠤᠵᠢᠭᠤᠯᠵᠤ᠂ ᠲᠦᠷᠢᠮ ᠤᠨ ᠪᠠᠶᠢᠭᠤᠯᠤᠯᠲᠠ ᠶᠢ ᠤᠷᠳᠤ ᠬᠤᠭᠤᠴᠠᠭ᠎ᠠ ᠪᠦᠲᠦᠮᠵᠢᠲᠡᠢ ᠪᠠᠶᠢᠯᠭᠠᠵᠤ᠂ ᠰᠢᠯᠢᠳᠡᠭ ᠰᠤᠷᠲᠠᠯ ᠢᠶᠠᠷ ᠰᠡᠳᠭᠢᠯ ᠢᠶᠠᠨ | ᠨᠢᠭᠡᠳᠭᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠤᠰᠬᠠᠬᠤ ᠬᠡᠷᠡᠭᠲᠡᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 26 ᠤ ᠴᠠᠬᠢᠯᠭᠠᠨ ᠮᠡᠳᠡᠭᠡ︶ | | |