ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠬᠤ ᠲᠡᠮᠳᠡᠭ ᠢ ᠥᠨᠥᠳᠦᠷ ᠠᠴᠠ ᠡᠬᠢᠯᠡᠨ ᠳᠠᠷᠤᠮᠠᠯᠯᠠᠵᠤ ᠪᠣᠯᠤᠨ᠎ᠠ
ᠨᠡᠶᠢᠲᠡᠯᠡᠭᠰᠡᠨ ᠴᠠᠭ᠄
2025/5/30
      2025 ᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠬᠤ ᠲᠡᠮᠳᠡᠭ ᠢ ᠳᠠᠷᠤᠮᠠᠯᠯᠠᠬᠤ ᠴᠢᠳᠠᠮᠵᠢ ᠶᠢ ᠥᠨᠥᠳᠦᠷ ᠨᠡᠪᠲᠡᠷᠡᠭᠦᠯᠵᠦ᠂ ᠰᠢᠯᠭᠠᠭᠤᠯᠤᠭᠴᠢ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠭᠤᠣᠯ ᠨᠢᠭᠤᠷ ᠤᠨ ᠪᠠᠷᠠᠭᠤᠨ ᠲᠠᠯ᠎ᠠ ᠳᠠᠬᠢ ᠬᠥᠪᠦᠮᠡᠯ ᠴᠣᠩᠬᠤ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠬᠤ ᠲᠡᠮᠳᠡᠭ ᠢ ᠳᠠᠷᠤᠮᠠᠯᠯᠠᠬᠤ︾ ᠵᠠᠯᠭᠠᠭᠠᠰᠤ ᠶᠢ ᠳᠣᠶ᠋ᠢᠨ᠂ ᠰᠢᠯᠭᠠᠭᠤᠯᠤᠭᠰᠠᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ︵https://www4.nm.zsks. cn/BaseStudent/︶ ᠲᠤ ᠣᠷᠣᠵᠤ᠂ ᠨᠢᠭᠤᠷ ᠳᠡᠭᠡᠷᠡᠬᠢ ︽ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ︾ ᠶᠢ ᠰᠣᠩᠭᠤᠨ᠂ ︽ᠰᠢᠯᠭᠠᠬᠤ ᠲᠡᠮᠳᠡᠭ ᠢ ᠳᠠᠷᠤᠮᠠᠯᠯᠠᠬᠤ︾ ᠶᠢ ᠳᠣᠶ᠋ᠢᠵᠤ᠂ 2025 ᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠬᠤ ᠲᠡᠮᠳᠡᠭ ᠢ ᠳᠠᠷᠤᠮᠠᠯᠯᠠᠨ᠎ᠠ᠃
5.30教育1.jpg
5.30教育2.jpg
5.30教育3.jpg 
      ᠰᠠᠨᠠᠭᠤᠯᠤᠮᠵᠢ᠄      1. ᠬᠡᠷᠪᠡ ᠰᠢᠯᠭᠠᠭᠤᠯᠤᠭᠴᠢ ᠨᠢᠭᠤᠴᠠ ᠨᠣᠮᠧᠷ ᠢᠶᠠᠨ ᠮᠠᠷᠲᠠᠭᠰᠠᠨ ᠪᠣᠯ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠣᠷᠣᠵᠤ ᠨᠢᠭᠤᠷ ᠤᠨ ᠳᠣᠣᠷ᠎ᠠ ᠲᠠᠯ᠎ᠠ ᠳᠤ ᠪᠠᠶᠢᠭ᠎ᠠ ︽ᠨᠢᠭᠤᠴᠠ ᠨᠣᠮᠧᠷ ᠢᠶᠠᠨ ᠮᠠᠷᠲᠠᠭᠰᠠᠨ︾ ᠢ ᠳᠣᠶ᠋ᠢᠵᠤ᠂ ᠪᠡᠶ᠎ᠡ ᠶᠢᠨ ᠦᠨᠡᠮᠯᠡᠯ ᠤᠨ ᠨᠣᠮᠧᠷ ᠪᠠ ᠨᠡᠷ᠎ᠡ ᠮᠡᠳᠡᠭᠦᠯᠬᠦ ᠦᠶ᠎ᠡ ᠳᠤ ᠦᠯᠡᠳᠡᠭᠡᠭᠰᠡᠨ ᠭᠠᠷ ᠤᠲᠠᠰᠤᠨ ᠤ ᠨᠣᠮᠧᠷ ᠢᠶᠠᠨ ᠣᠷᠣᠭᠤᠯᠵᠤ᠂ ᠰᠢᠨ᠎ᠡ ᠨᠢᠭᠤᠴᠠ ᠨᠣᠮᠧᠷ ᠠᠪᠴᠤ ᠪᠣᠯᠤᠨ᠎ᠠ᠃      2. ᠰᠢᠯᠭᠠᠬᠤ ᠲᠡᠮᠳᠡᠭ ᠢ ᠳᠠᠷᠤᠮᠠᠯᠯᠠᠬᠤ ᠨᠢᠭᠤᠷ ᠤᠨ ᠳᠣᠣᠷ᠎ᠠ ᠲᠠᠯ᠎ᠠ ᠳᠤ᠂ ᠢᠷᠡᠬᠦ 10 ᠡᠳᠦᠷ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠯᠠᠪᠯᠠᠯᠲᠠ ᠪᠣᠯᠭᠠᠬᠤ ᠪᠠᠷ ᠲᠣᠬᠢᠷᠠᠭᠤᠯᠪᠠ︔ ᠨᠢᠭᠤᠷ ᠤᠨ ᠬᠠᠮᠤᠭ ᠤᠨ ᠳᠣᠣᠷ᠎ᠠ ᠲᠠᠯ᠎ᠠ ᠳᠤ ᠰᠡᠷᠡᠮᠵᠢᠯᠡᠭᠦᠯᠬᠦ ᠮᠡᠳᠡᠭᠡ ᠶᠢ ᠲᠣᠬᠢᠷᠠᠭᠤᠯᠵᠤ᠂ ᠬᠡᠷᠪᠡ ᠰᠢᠯᠭᠠᠯᠲᠠ ᠶᠢᠨ ᠴᠡᠭ ᠪᠠᠶᠢᠭ᠎ᠠ ᠭᠠᠵᠠᠷ ᠲᠤ ᠴᠠᠭ ᠠᠭᠤᠷ ᠤᠨ ᠰᠡᠷᠡᠮᠵᠢᠭᠦᠯᠦᠯ ᠪᠤᠶᠤ ᠭᠠᠵᠠᠷ ᠬᠥᠳᠡᠯᠦᠯᠲᠡ ᠵᠡᠷᠭᠡ ᠭᠠᠮᠰᠢᠭ ᠤᠨ ᠰᠡᠷᠡᠮᠵᠢᠭᠦᠯᠦᠯ ᠪᠠᠶᠢᠪᠠᠯ᠂ ᠳᠠᠷᠤᠢ ᠳᠤ ᠨᠢ ᠢᠯᠡᠷᠡᠬᠦ ᠪᠣᠯᠤᠨ᠎ᠠ᠃      3. ᠭᠦ᠋ ᠭᠧ᠂ ᠾᠦᠸᠧ ᠬᠤ᠋᠂ 360 ᠵᠡᠷᠭᠡ ᠠᠮᠤᠷ ᠲᠦᠪᠰᠢᠨ ᠬᠠᠶᠢᠭᠤᠷ ︵ᠲᠦᠢᠯ ᠤᠨ ᠬᠤᠷᠳᠤᠨ ᠵᠠᠭᠪᠤᠷ ᠢ ᠲᠠᠨᠢᠯᠴᠠᠭᠤᠯᠬᠤ︶ ᠢ ᠬᠡᠷᠡᠭᠯᠡᠵᠦ᠂ ᠰᠢᠯᠭᠠᠭᠤᠯᠤᠭᠰᠠᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠣᠷᠣᠬᠤ ᠶᠢ ᠰᠠᠨᠠᠭᠤᠯᠤᠶ᠎ᠠ᠃       4. ᠰᠢᠯᠭᠠᠭᠤᠯᠤᠭᠴᠢ ᠡᠷᠬᠡᠪᠰᠢ ᠰᠢᠯᠭᠠᠬᠤ ᠲᠡᠮᠳᠡᠭ ᠳᠡᠭᠡᠷᠡᠬᠢ ᠰᠢᠯᠭᠠᠯᠲᠠ ᠶᠢᠨ ᠬᠢᠴᠢᠶᠡᠯ ᠲᠥᠷᠥᠯ᠂ ᠰᠢᠯᠭᠠᠯᠲᠠ ᠶᠢᠨ ᠴᠠᠭ ᠪᠣᠯᠤᠨ ᠰᠢᠯᠭᠠᠯᠲᠠ ᠶᠢᠨ ᠴᠡᠭ ᠵᠡᠷᠭᠡ ᠮᠡᠳᠡᠭᠡ ᠵᠠᠩᠭᠢ ᠶᠢ ᠨᠠᠷᠢᠨ ᠬᠢᠨᠠᠮᠠᠭᠠᠢ ᠬᠠᠷᠭᠤᠭᠤᠯᠬᠤ ᠶᠢᠨ ᠬᠠᠮᠲᠤ ︽ᠰᠢᠯᠭᠠᠭᠤᠯᠤᠭᠴᠢ ᠶᠢᠨ ᠰᠢᠯᠭᠠᠯᠲᠠ ᠶᠢᠨ ᠳᠦᠷᠢᠮ︾ ᠢ ᠨᠠᠷᠢᠨ ᠬᠢᠨᠠᠮᠠᠭᠠᠢ ᠤᠩᠰᠢᠵᠤ᠂ ᠲᠣᠭᠲᠠᠭᠰᠠᠨ ᠴᠠᠭ ᠳᠤ ᠱᠠᠭᠠᠷᠳᠠᠯᠭ᠎ᠠ ᠶᠣᠰᠣᠭᠠᠷ ᠰᠢᠯᠭᠠᠯᠲᠠ ᠳᠤ ᠣᠷᠣᠯᠴᠠᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ