ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠨ 30 ᠵᠢᠯ ᠤᠷᠲᠤᠳᠬᠠᠭᠰᠠᠨ ᠪᠠᠶᠢᠳᠠᠯ ᠢ | ᠤᠶᠢᠯᠠᠭᠠᠨ ᠵᠢᠭᠰᠠᠭᠠᠨ ᠪᠠᠶᠢᠴᠠᠭᠠᠬᠤ ᠠᠵᠢᠯ ᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ | ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠮᠡᠷᠭᠡᠵᠢᠯ ᠤᠨ ᠪᠦᠯᠬᠦᠮ ᠵᠣᠬᠢᠶᠠᠨ ᠪᠠᠶᠢᠭᠤᠯᠵᠤ ᠪᠡᠯᠴᠢᠭᠡᠷ ᠤᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ | ᠤᠷᠲᠤᠳᠬᠠᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠵᠢᠵᠢᠭ ᠲᠠᠰ ᠳᠠᠷᠠᠭᠠᠯᠠᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠡᠯ᠎ᠡ ᠰᠤᠮᠤ | ᠪᠠᠯᠭᠠᠰᠤᠨ ᠤ ᠬᠠᠮᠢᠶᠠᠷᠤᠭᠴᠢ ᠵᠢᠴᠢ ᠭᠠᠴᠠᠭᠠᠨ ᠤ ᠠᠵᠢᠯᠲᠠᠳ ᠪᠣᠯᠪᠠᠰᠤᠷᠠᠭᠤᠯᠤᠯ ᠳᠤ ᠣᠷᠣᠯᠴᠠᠵᠠᠶ᠃ | | | | ᠪᠣᠯᠪᠠᠰᠤᠷᠠᠯ ᠡᠬᠢᠯᠡᠬᠦ ᠠᠴᠠ ᠡᠮᠦᠨ᠎ᠡ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠣᠳᠣᠬᠠᠨ ᠤ ᠪᠠᠶᠢᠳᠠᠯ ᠢ | ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠪᠣᠯ ᠵᠥᠪᠬᠡᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠪᠣᠯᠬᠤ ᠪᠥᠭᠡᠳ ᠪᠣᠭᠤᠳᠠᠯ ᠢ ᠤᠷᠲᠤᠳᠬᠠᠬᠤ | ᠲᠠᠰ ᠳᠠᠷᠠᠭᠠᠯᠠᠯ ᠢ ᠵᠢᠩᠬᠢᠨᠢ ᠪᠠᠷ ᠡᠬᠢᠯᠡᠭᠦᠯᠬᠦ ᠥᠬᠡᠶ᠃ ᠡᠯ᠎ᠡ ᠰᠤᠮᠤ ᠪᠠᠯᠭᠠᠰᠤ ᠲᠣᠰ ᠤᠳᠠᠭᠠᠨ ᠤ ᠵᠢᠭᠰᠠᠭᠠᠨ ᠪᠠᠶᠢᠴᠠᠭᠠᠬᠤ ᠡᠭᠦᠷᠭᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠠᠬᠢᠭᠤᠯᠵᠤ᠂ ᠭᠤᠤᠯ ᠵᠥᠷᠢᠴᠡᠯ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ᠂ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠪᠣᠳᠠᠲᠤ ᠪᠠᠶᠢᠳᠠᠯ ᠢ ᠡᠵᠡᠮᠰᠢᠵᠦ᠂ ᠲᠠᠷᠠᠭᠠᠴᠢ ᠶᠢᠨ ᠠᠯᠬᠤᠮ ᠤᠨ ᠠᠵᠢᠯ ᠳᠤ ᠰᠠᠶᠢᠲᠤᠷ | ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ | | | | ᠪᠣᠯᠪᠠᠰᠤᠷᠠᠯ ᠨᠢ ᠵᠢᠵᠢᠭ ᠫᠷᠤᠭ᠍ᠷᠠᠮ ᠤᠨ ᠠᠵᠢᠯᠯᠠᠭᠠᠨ ᠤ ᠪᠣᠳᠠᠲᠤ ᠶᠠᠪᠤᠳᠠᠯ ᠤᠨ ᠲᠣᠭᠤᠷᠢᠨ ᠳᠤ᠂ ᠮᠡᠷᠭᠡᠵᠢᠯ ᠤᠨ ᠠᠵᠢᠯᠲᠠᠳ ᠪᠠᠶᠢᠳᠠᠯ ᠢ ᠣᠶᠢᠯᠠᠭᠠᠵᠤ | ᠵᠢᠭᠰᠠᠭᠠᠨ ᠪᠠᠶᠢᠴᠠᠭᠠᠬᠤ ᠵᠢᠵᠢᠭ ᠫᠷᠤᠭ᠍ᠷᠠᠮ ᠤᠨ ᠬᠡᠷᠡᠭᠯᠡᠬᠦ ᠶᠠᠪᠤᠴᠠ᠂ ᠠᠵᠢᠯᠯᠠᠬᠤ ᠠᠷᠭ᠎ᠠ ᠵᠢᠴᠢ ᠴᠤᠭᠯᠠᠭᠤᠯᠬᠤ ᠴᠢᠬᠤᠯᠠᠲᠠᠶ ᠭᠤᠤᠯᠯᠠᠬᠤ ᠮᠡᠳᠡᠭᠡ ᠵᠠᠩᠭᠢ ᠶᠢ | ᠭᠤᠤᠯᠳᠠᠯᠭ᠎ᠠ ᠲᠠᠢ ᠳᠡᠯᠭᠡᠨ ᠦᠵᠡᠭᠦᠯᠵᠦ᠂ ᠪᠣᠯᠪᠠᠰᠤᠷᠠᠯ ᠳᠤ ᠣᠷᠣᠯᠴᠠᠭᠰᠠᠳ ᠤᠨ ᠠᠵᠢᠯᠯᠠᠬᠤ ᠤᠷ᠎ᠠ ᠴᠢᠳᠠᠪᠤᠷᠢ ᠶᠢ ᠪᠣᠯᠪᠠᠰᠤᠷᠠᠩᠭᠤᠶ ᠡᠵᠡᠮᠰᠢᠬᠦ ᠶᠢ ᠦᠨᠡᠨ ᠬᠦ | ᠪᠠᠲᠤᠯᠠᠪᠠ᠃ ᠬᠤᠷᠠᠯ ᠲᠡᠭᠦᠰᠦᠭᠰᠡᠨ ᠤ ᠳᠠᠷᠠᠭ᠎ᠠ᠂ ᠮᠡᠷᠭᠡᠵᠢᠯ ᠤᠨ ᠪᠦᠯᠬᠦᠮ ᠨᠡᠶᠢᠲᠡ ᠠᠴᠠ ᠲᠤᠷᠰᠢᠯᠲᠠ ᠶᠢᠨ ᠭᠠᠴᠠᠭᠠᠨ ᠤ ᠲᠤᠬᠠᠶ ᠶᠢᠨ ᠲᠠᠯᠠᠪᠤᠷ ᠤᠨ ᠪᠣᠳᠠᠲᠠᠶ | ᠪᠣᠯᠪᠠᠰᠤᠷᠠᠯ ᠤᠨ ᠰᠣᠷᠢᠯᠲᠠ ᠬᠢᠵᠦ᠂ ᠵᠢᠵᠢᠭ ᠲᠠᠰ ᠳᠠᠷᠠᠭᠠᠯᠠᠯ ᠤᠨ ᠠᠵᠢᠯᠯᠠᠭᠠᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠰᠢᠯᠭᠠᠨ ᠪᠠᠶᠢᠴᠠᠭᠠᠬᠤ ᠶᠢᠨ ᠬᠠᠮᠲᠤ | ᠰᠠᠨᠠᠯ ᠰᠠᠨᠠᠭᠤᠯᠭ᠎ᠠ ᠬᠤᠷᠢᠶᠠᠪᠠ᠃ | ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠤᠨ ᠠᠭᠤᠯᠭ᠎ᠠ ᠨᠢ ᠨᠠᠷᠢᠨ ᠪᠣᠳᠠᠲᠠᠶ᠂ ᠪᠣᠳᠠᠲᠤ ᠠᠵᠢᠯᠯᠠᠭᠠᠨ ᠤ ᠴᠢᠨᠠᠷ ᠢᠶᠠᠷ ᠴᠢᠩᠭ᠎ᠠ ᠪᠠᠶᠢᠵᠤ᠂ | ᠬᠤᠶᠢᠰᠢᠳᠠ ᠶᠢᠨ ᠠᠵᠢᠯ ᠤᠨ ᠵᠢᠷᠤᠮᠵᠢᠭᠤᠨ ᠶᠠᠪᠤᠭᠳᠠᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠡᠯ᠎ᠡ ᠰᠤᠮᠤ | ᠪᠠᠯᠭᠠᠰᠤᠨ ᠤ ᠲᠤᠷᠰᠢᠯᠲᠠ ᠶᠢᠨ ᠭᠠᠴᠠᠭ᠎ᠠ ᠪᠠᠷ ᠰᠢᠪᠲᠤᠯᠤᠯᠲᠠ ᠶᠢᠨ ᠴᠡᠭ ᠪᠣᠯᠭᠠᠵᠤ᠂ ︽ᠪᠠᠶᠢᠴᠠᠭᠠᠬᠤ ᠶᠢᠨ ᠳᠠᠭᠠᠤ ᠲᠣᠬᠢᠷᠠᠭᠤᠯᠬᠤ᠂ ᠲᠤᠷᠰᠢᠬᠤ ᠶᠢᠨ ᠳᠠᠭᠠᠤ | ᠥᠭᠡᠷᠡᠴᠢᠯᠡᠬᠦ︾ ᠠᠷᠭ᠎ᠠ ᠮᠠᠶ᠋ᠢᠭ ᠢ ᠠᠪᠴᠤ᠂ ᠵᠢᠵᠢᠭ ᠫᠷᠦᠭᠷᠡᠮ ᠤᠨ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠵᠦ᠂ ᠵᠢᠭᠰᠠᠭᠠᠨ ᠪᠠᠶᠢᠴᠠᠭᠠᠬᠤ ᠴᠤᠪᠤᠷᠠᠯ ᠢ | ᠲᠡᠭᠦᠯᠳᠡᠷᠵᠢᠭᠦᠯᠦᠨ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠠᠵᠢᠯ ᠤᠨ ᠵᠠᠭᠪᠤᠷ ᠢ ᠠᠯᠬᠤᠮ ᠠᠯᠬᠤᠮ ᠢᠶᠠᠷ ᠳ᠋ᠦᠩᠨᠡᠨ ᠪᠣᠯᠪᠠᠰᠤᠷᠠᠭᠤᠯᠬᠤ ᠶᠢᠨ ᠬᠠᠮᠲᠤ᠂ | ᠪᠥᠬᠦ ᠬᠤᠰᠢᠭᠤᠨ ᠤ ᠬᠡᠪᠴᠢᠶᠡᠨ ᠳᠤ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠪᠦᠬᠦᠨ ᠢ ᠬᠠᠮᠤᠷᠬᠤ᠂ | ᠣᠷᠬᠢᠭᠳᠠᠭᠤᠯᠬᠤ ᠥᠬᠡᠶ᠂ ᠨᠠᠷᠢᠯᠢᠭ ᠴᠤᠭᠯᠠᠭᠤᠯᠬᠤ᠂ ᠣᠨᠣᠪᠴᠢᠲᠠᠶ ᠵᠠᠳᠠᠯᠬᠤ ᠶᠢ ᠴᠢᠷᠮᠠᠶᠢᠨ ᠪᠡᠶᠡᠯᠡᠭᠦᠯᠦᠨ᠎ᠡ᠃ | | |