ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/6
      ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠶᠡᠷᠦᠩᠬᠡᠶ ᠡᠭᠦᠷ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠤᠨ ᠦᠵᠡᠭᠦᠯᠦᠯᠭᠡ ᠶᠢᠨ ᠣᠷᠳᠣᠨ ᠳᠤ ︽ᠪᠦᠯᠬᠦᠮᠳᠡᠨ ᠲᠡᠮᠡᠴᠡᠵᠦ ᠬᠦᠴᠦᠨ ᠢᠶᠠᠨ ᠨᠢᠭᠲᠠᠷᠠᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃
5.6农科局1.png
      ᠠᠵᠢᠯᠯᠠᠭ᠎ᠠ ᠳᠤ᠂ ᠨᠠᠮ ᠤᠨ ᠭᠡᠰᠢᠭᠦᠳ ᠵᠢᠷᠤᠭ ᠪᠢᠴᠢᠭ ᠤᠨ ᠦᠵᠡᠭᠦᠯᠦᠯᠭᠡ᠂ ᠬᠠᠮ ᠵᠠᠭᠤᠴᠢᠯᠠᠭᠤᠷ ᠤᠨ ᠲᠠᠨᠢᠯᠴᠠᠭᠤᠯᠭ᠎ᠠ ᠵᠡᠷᠭᠡ ᠬᠡᠯᠪᠡᠷᠢ ᠪᠠᠷ ᠳᠠᠮᠵᠢᠭᠤᠯᠤᠨ ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠡᠯᠪᠡᠭ ᠪᠠᠶᠠᠯᠢᠭ ᠠᠭᠤᠯᠤᠭᠳᠠᠬᠤᠨ ᠵᠢᠴᠢ ᠦᠨᠳᠦᠰᠦᠲᠡᠨ ᠨᠦᠭᠦᠳ ᠤᠨ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠰᠢᠨ᠎ᠡ ᠴᠠᠭ ᠦᠶ᠎ᠡ ᠶᠢᠨ ᠬᠠᠭᠤᠳᠠᠰᠤ ᠶᠢ ᠨᠠᠷᠢᠨ ᠣᠶᠢᠯᠠᠭᠠᠵᠤ᠂ ᠨᠠᠮ ᠤᠨ ᠭᠡᠰᠢᠭᠦᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠭᠤᠯᠤᠭᠰᠠᠨ ᠪᠥᠭᠡᠳ ᠤᠯᠠᠨ ᠢᠶᠠᠷ ᠢᠶᠠᠨ ᠦᠨᠳᠦᠰᠦᠲᠡᠨ ᠤ ᠪᠦᠯᠬᠦᠮᠳᠡᠯ ᠢ ᠬᠠᠮᠲᠤ ᠪᠠᠷ ᠬᠠᠮᠠᠭᠠᠯᠠᠬᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ ᠪᠠᠶᠢᠭᠤᠯᠬᠤ ᠬᠠᠯᠠᠭᠤᠨ ᠰᠡᠳᠬᠢᠯᠭᠡ ᠶᠢ ᠬᠦᠭᠵᠢᠭᠡᠪᠡ᠃
5.6农科局2.png
      ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠤ ᠨᠠᠮᠴᠢ ᠴᠢᠨᠠᠷ ᠤᠨ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠳᠡᠭᠡᠭᠰᠢᠯᠡᠭᠦᠯᠪᠡ᠃ ᠬᠤᠶᠢᠰᠢᠳᠠ ᠶᠢᠨ ᠠᠵᠢᠯ ᠤᠨ ᠳᠤᠮᠳᠠ᠂ ᠨᠠᠮ ᠤᠨ ᠭᠡᠰᠢᠭᠦᠳ ᠡᠨᠡ ᠬᠦ ᠣᠯᠤᠯᠲᠠ ᠪᠠᠨ ᠡᠪᠦᠷᠯᠡᠵᠦ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢᠨ ᠬᠠᠮᠲᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ