ᠵᠢᠯ ᠵᠢᠯ ᠴᠡᠴᠡᠭ ᠳᠡᠯᠭᠡᠷᠡᠳᠡᠭ ᠴᠦ ᠡᠨᠡ ᠬᠠᠪᠤᠷ ᠤᠨ ᠴᠡᠴᠡᠭ ᠨᠠᠩ ᠴᠤ ᠦᠵᠡᠰᠬᠦᠯᠡᠩ ᠰᠠᠶᠢᠬᠠᠨ ᠳᠡᠯᠭᠡᠷᠡᠯᠠ᠃ | ᠬᠥᠬᠡᠬᠤᠲᠠ ᠶᠢᠨ ᠭᠦᠩᠵᠦ ᠶᠢᠨ ᠣᠷᠳᠣᠨ ᠤ ᠴᠡᠴᠡᠷᠯᠢᠭ ᠲᠤ ᠲᠤᠭᠤᠷ ᠤᠨ ᠴᠡᠴᠡᠭ ᠰᠤᠨᠢᠷᠬᠠᠵᠤ᠂ ᠤᠷᠳᠤᠰ ᠬᠤᠳᠠ ᠶᠢᠨ ᠵᠡᠭᠦᠨᠭᠠᠷ ᠬᠤᠰᠢᠭᠤᠨ ᠳᠤ | ᠬᠦᠷᠴᠦ ᠬᠦᠢᠯᠡᠰᠦᠨ ᠴᠡᠴᠡᠭ ᠢ ᠪᠠᠭ᠋ᠠᠳᠤᠨ ᠬᠠᠷᠠᠵᠤ᠂ ᠬᠥᠯᠥᠨ ᠪᠤᠶᠢᠷ ᠬᠤᠳᠠ ᠶᠢᠨ ᠵᠠᠯᠠᠨ ᠠᠶᠢᠯ ᠬᠤᠳᠠ ᠳᠤ ᠬᠦᠷᠴᠦ ᠬᠤᠷᠴᠠ ᠤᠯᠠᠭᠠᠨ ᠴᠡᠴᠡᠭ ᠢ ᠰᠤᠨᠢᠷᠬᠠᠨ | ᠵᠢᠭᠤᠯᠴᠢᠯᠠᠨ᠎ᠠ ᠁ ᠡᠨᠡ ᠵᠢᠯ ᠤᠨ ︽5 · 1︾ ᠤ ᠠᠮᠠᠷᠠᠯᠲᠠ ᠳᠤ ᠭᠠᠳᠠᠭᠰᠢ ᠭᠠᠷᠴᠤ ᠴᠡᠴᠡᠭ ᠰᠣᠨᠢᠷᠬᠠᠬᠤ ᠨᠢ ᠮᠠᠰᠢ ᠤᠯᠠᠨ ᠬᠥᠮᠦᠨ ᠤ ᠠᠮᠠᠷᠠᠯᠲᠠ ᠶᠢᠨ | ᠡᠳᠦᠷ ᠢᠶᠠᠨ ᠲᠠᠭᠠᠳᠠᠶᠢᠬᠠᠨ ᠦᠡᠭᠭᠡᠷᠡᠬᠡᠬᠦ ᠲᠡᠷᠢᠭᠦᠨ ᠰᠣᠩᠭᠤᠯᠲᠠ ᠪᠤᠯᠵᠤ᠂ ᠮᠠᠨ ᠤ ᠣᠷᠣᠨ ᠤ ᠡᠯ᠎ᠡ ᠭᠠᠵᠠᠷ ᠲᠤ ᠴᠡᠴᠡᠭ ᠰᠣᠨᠢᠷᠬᠠᠬᠤ ᠬᠠᠯᠠᠭᠤᠨ ᠥᠷᠨᠢᠯᠲᠡ | ᠭᠠᠷᠴᠤ᠂ ᠴᠡᠴᠡᠭ ᠰᠣᠨᠢᠷᠬᠠᠬᠤ ᠠᠵᠤ ᠠᠬᠤᠢ ᠨᠢ ᠬᠠᠪᠤᠷ ᠤᠨ ᠤᠯᠠᠷᠢᠯ ᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠪᠠ᠃ | ᠴᠡᠴᠡᠭ ᠰᠣᠨᠢᠷᠬᠠᠬᠤ ᠠᠵᠤ ᠠᠬᠤᠶ ᠶᠢ ᠠᠪᠤᠨ ᠦᠵᠡᠬᠦ ᠳᠤ ᠵᠥᠪᠬᠡᠨ ᠬᠥᠮᠦᠰ ᠤᠨ ᠬᠠᠪᠤᠷ ᠴᠠᠭ ᠤᠨ ᠴᠡᠴᠡᠭ ᠬᠤᠸᠠᠷ ᠯᠤᠭ᠎ᠠ ᠶᠢᠨ ᠪᠣᠯᠵᠤᠭ᠎ᠠ ᠬᠡᠮᠡᠷ | ᠪᠤᠯᠪᠠᠴᠤ ᠦᠨᠡᠨ ᠳᠡᠭᠡᠨ ᠯᠤᠲᠤ ᠶᠡᠭᠡ ᠡᠨᠧᠷᠭᠢ ᠠᠬᠤᠭᠤᠯᠵᠤ ᠪᠠᠶᠢᠳᠠᠬ᠃ ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠦᠵᠦ ᠲᠥᠯᠥᠪᠯᠡᠭᠡ ᠶᠢ | ᠴᠢᠩᠭᠠᠳᠬᠠᠬᠤ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠲᠠᠰ ᠳᠠᠪᠬᠤᠷᠭ᠎ᠠ ᠲᠣᠳᠣᠷᠬᠠᠶ᠂ ᠥᠪᠡᠷᠮᠢᠴᠡ ᠣᠨᠴᠠᠯᠢᠭ | ᠪᠥᠬᠦᠶ ᠴᠡᠴᠡᠭ ᠰᠣᠨᠢᠷᠬᠠᠬᠤ ᠭᠠᠵᠠᠷ ᠤᠨ ᠵᠢᠷᠤᠭ ᠢ ᠨᠠᠷᠢᠨ ᠨᠢᠮᠪᠠᠶ ᠵᠣᠬᠢᠶᠠᠨ ᠭᠠᠷᠭᠠᠵᠤ᠂ ᠴᠡᠴᠡᠭ ᠰᠣᠨᠢᠷᠬᠠᠬᠤ ᠵᠢᠭᠤᠯᠴᠢᠯᠠᠯ ᠢ ᠥᠪᠥᠷ ᠮᠣᠩᠭᠤᠯ ᠤᠨ ᠪᠠᠰᠠ ᠨᠢᠭᠡᠨ | ᠰᠢᠨ᠎ᠡ ᠨᠡᠷ᠎ᠡ ᠶᠢᠨ ᠬᠠᠭᠤᠳᠠᠰᠤ ᠪᠣᠯᠭᠠᠪᠠ᠃ ᠬᠠᠲᠤᠨ ᠭᠤᠤᠯ ᠤᠨ ᠲᠤᠬᠤᠢ ᠳᠠᠭᠠᠤ ︽ᠠᠯᠢᠮ᠎ᠠ ᠬᠦᠢᠯᠡᠰᠦᠨ ᠴᠡᠴᠡᠭ ᠦᠡᠭᠭᠡ ᠢᠯᠭᠠᠷᠠᠨ ᠲᠡᠯᠭᠡᠷᠡᠬᠦ︾ | ᠦᠵᠡᠮᠵᠢ ᠶᠢᠨ ᠪᠦᠰᠡ ᠶᠢ ᠴᠣᠭᠴᠠᠯᠠᠵᠤ᠂ ᠡᠯ᠎ᠡ ᠠᠶᠢᠮᠠᠭ ᠬᠤᠲᠠ ᠬᠤᠯᠪᠣᠭᠠᠯᠠᠨ ᠥᠪᠡᠷᠮᠢᠴᠡ ᠣᠨᠴᠠᠯᠢᠭᠲᠤ ᠴᠡᠴᠡᠭ ᠤᠨ ᠰᠡᠳᠦᠪᠳᠤ ᠠᠵᠢᠯᠯᠠᠭ᠎ᠠ ᠶᠢ ᠠᠬᠢᠭᠤᠯᠵᠤ᠂ | ᠬᠤᠷᠴᠠ ᠤᠯᠠᠭᠠᠨ ᠴᠡᠴᠡᠭ ᠤᠨ ᠲᠡᠯᠡᠶ ᠳᠤ ᠶᠠᠪᠠᠭᠠᠨ ᠠᠯᠬᠤᠯᠠᠬᠤ ᠵᠡᠷᠭᠡ ᠣᠨᠴᠠᠯᠢᠭᠲᠤ ᠲᠥᠷᠥᠯ ᠵᠦᠢᠯ ᠢ ᠬᠡᠷᠡᠭᠵᠢᠬᠦᠯᠵᠦ᠂ ︽ᠴᠡᠴᠡᠭ ᠰᠤᠨᠢᠷᠬᠠᠬᠤ ᠵᠦᠭᠯᠡᠭᠦᠷ︾ | ᠢ ᠲᠤᠳᠤᠷᠬᠠᠢ ᠲᠠᠨᠢᠯᠴᠠᠭᠤᠯᠤᠨ᠎ᠠ ᠁ ᠡᠯ᠎ᠡ ᠭᠠᠵᠠᠷ ᠤᠨ ᠬᠢᠨ ᠪᠠᠶᠢᠭᠠᠯᠢ ᠶᠢᠨ ᠡᠬᠢ ᠪᠠᠶᠠᠯᠢᠭ ᠤᠨ ᠬᠡᠰᠢᠭ ᠰᠤᠶᠤᠷᠬᠠᠯ ᠢ ᠭᠦᠢᠴᠡᠳ ᠠᠰᠢᠭᠯᠠᠨ᠂ ᠥᠪᠡᠷ ᠤᠨ | ᠭᠡᠰᠡᠨ ︽ᠴᠡᠴᠡᠭ ᠤᠨ ᠰᠢᠪᠡᠨᠡᠭᠡ︾ ᠪᠠᠨ ᠡᠷᠢᠵᠦ ᠤᠯᠪᠠ᠃ ᠴᠡᠴᠡᠭ ᠰᠣᠨᠢᠷᠬᠠᠬᠤ ᠠᠵᠤ ᠠᠬᠤᠶ ᠨᠢ ᠡᠭᠦᠳᠡᠨ ᠪᠢᠯᠧᠲ ᠤᠨ ᠣᠷᠣᠯᠭ᠎ᠠ ᠶᠢ ᠳᠠᠶᠢᠴᠢᠯᠠᠬᠤ ᠪᠠᠷ | ᠪᠠᠷᠠᠬᠤ ᠥᠬᠡᠶ᠂ ᠡᠷᠬᠢᠨ ᠲᠣᠭᠤᠷᠢᠨ ᠤ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠠᠮ ᠬᠠᠷᠢᠯᠴᠠᠭ᠎ᠠ ᠵᠡᠷᠭᠡ ᠠᠵᠢᠯ ᠲᠥᠷᠥᠯ ᠤᠨ ᠬᠥᠭᠵᠢᠯᠲᠡ ᠶᠢ ᠴᠦ | ᠳᠠᠶᠢᠴᠢᠯᠠᠵᠤ᠂ ᠬᠡᠷᠡᠭᠯᠡᠭᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠠᠩ ᠴᠤ ᠲᠠᠷᠢᠶᠠᠴᠢᠨ ᠠᠶᠢᠯ ᠳᠠᠬᠢ ᠵᠢᠭᠤᠯᠴᠢᠯᠠᠯ᠂ ᠬᠡᠷ ᠪᠠᠭᠤᠳᠠᠯ᠂ ᠨᠤᠲᠤᠭ ᠤᠨ | ᠣᠨᠴᠠ ᠭᠠᠷᠤᠯᠲᠠ ᠶᠢᠨ ᠪᠣᠷᠣᠯᠠᠭᠤᠯᠭ᠎ᠠ ᠶᠢ ᠲᠦᠷᠭᠡᠨ ᠢᠶᠠᠷ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠩᠭᠡ ᠨᠡᠮᠡᠷᠢᠯᠡᠵᠦ ᠪᠠᠶᠢᠨ᠎ᠠ | ᠃ | ᠴᠡᠴᠡᠭ ᠰᠣᠨᠢᠷᠬᠠᠬᠤ ᠠᠵᠤ ᠠᠬᠤᠶ ᠨᠢ ᠬᠡᠷᠬᠢᠨ ᠬᠥᠮᠦᠨ ᠤ ᠰᠡᠳᠭᠢᠯ ᠢ ᠬᠥᠳᠡᠯᠭᠡᠬᠦ ᠪᠣᠶ︖ ᠭᠱᠠᠨ ᠵᠠᠭᠤᠷ᠎ᠠ ᠶᠢᠨ ᠬᠠᠯᠠᠮᠰᠢᠯ ᠠᠴᠠ ᠳᠥᠷᠪᠡᠨ ᠤᠯᠠᠷᠢᠯ ᠳᠤ | ᠴᠦᠮ ᠬᠦᠷ ᠬᠦᠭᠵᠢᠶᠠᠨ ᠲᠠᠢ ᠪᠠᠶᠢᠯᠭᠠᠬᠤ ᠶᠢᠨ ᠵᠠᠩᠭᠢᠯᠠᠭ᠎ᠠ ᠨᠢ ᠴᠡᠴᠡᠭ ᠢᠶᠠᠷ ᠵᠠᠭᠤᠴᠢ ᠪᠣᠯᠭᠠᠵᠤ᠂ ᠴᠡᠴᠡᠭ ᠠᠴᠠ ᠪᠤᠰᠤᠳ ᠵᠦᠢᠯ ᠳᠤ ᠬᠦᠴᠦ ᠲᠠᠯᠪᠢᠨ᠎ᠠ᠃ | ᠴᠡᠴᠡᠭ ᠰᠣᠨᠢᠷᠬᠠᠬᠤ ᠳᠤ ᠴᠡᠴᠡᠭ ᠬᠤᠸᠠᠷ ᠤᠨ ᠲᠤᠰ ᠪᠡᠶ᠎ᠠ ᠠᠴᠠ ᠲᠠᠪᠠᠵᠤ᠂ ᠴᠡᠴᠡᠭ ᠰᠣᠨᠢᠷᠬᠠᠬᠤ ᠶᠢ ᠣᠷᠣᠨ ᠨᠤᠲᠤᠭ ᠤᠨ ᠤᠨᠴᠠᠯᠢᠬᠳᠤ ᠰᠣᠶᠣᠯ ᠤᠨ | ᠠᠴᠢᠶᠠᠯᠠᠪᠤᠷᠢ ᠪᠣᠯᠭᠠᠵᠤ᠂ ᠴᠡᠴᠡᠭ ᠰᠣᠨᠢᠷᠬᠠᠬᠤ + ᠬᠡᠭᠡᠷ᠎ᠡ ᠪᠠᠭᠤᠳᠠᠯᠯᠠᠬᠤ᠂ ᠴᠡᠴᠡᠭ ᠰᠣᠨᠢᠷᠬᠠᠬᠤ + ᠠᠷᠠᠳ ᠤᠨ ᠵᠠᠩ ᠦᠢᠯᠡ᠂ ᠴᠡᠴᠡᠭ ᠰᠣᠨᠢᠷᠬᠠᠬᠤ + | ᠰᠣᠶᠣᠯ ᠤᠨ ᠡᠭᠦᠳᠦᠯᠲᠡ᠂ ᠴᠡᠴᠡᠭ ᠰᠣᠨᠢᠷᠬᠠᠬᠤ + ᠨᠠᠷᠢᠯᠢᠭ ᠪᠣᠯᠪᠠᠰᠤᠷᠠᠭᠤᠯᠤᠯᠲᠠ ᠵᠡᠷᠭᠡ ᠬᠠᠮ ᠵᠠᠭᠪᠤᠷ ᠢ ᠰᠦᠪᠡᠭᠴᠢᠯᠡᠵᠦ᠂ ᠠᠮᠢ ᠠᠬᠤᠢ᠂ ᠰᠣᠶᠣᠯ᠂ | ᠵᠢᠭᠤᠯᠴᠢᠯᠠᠯ ᠬᠤᠳᠠᠯᠳᠤᠭ᠎ᠠ ᠵᠡᠷᠭᠡ ᠡᠬᠢ ᠪᠠᠶᠠᠯᠢᠭ ᠢ ᠦᠷᠭᠦᠯᠵᠢᠯᠡᠨ ᠨᠡᠶᠢᠳᠭᠡᠵᠦ᠂ ᠠᠭᠤᠯᠬᠤᠨ ᠢ ᠨᠢ ᠲᠠᠰᠤᠷᠠᠯᠳᠠ ᠦᠭᠡᠢ ᠭᠦᠨ ᠠᠭᠤᠳᠠᠯᠵᠤ᠂ | ᠠᠭᠤᠯᠤᠬᠳᠠᠬᠤᠨ ᠢ ᠨᠢ ᠲᠠᠰᠤᠷᠠᠯᠳᠠ ᠦᠭᠡᠢ ᠥᠷᠭᠡᠳᠭᠡᠵᠦ᠂ ᠶᠡᠷᠦᠩᠬᠡᠶᠢᠯᠡᠭᠰᠡᠨ ᠦᠷ᠎ᠡ ᠠᠰᠢᠭ ᠢ ᠨᠡᠩ ᠰᠠᠶᠢᠳᠤᠷ ᠪᠠᠳᠠᠷᠠᠭᠤᠯᠬᠤ ᠬᠡᠷᠡᠭᠳᠡᠢ᠃ ᠵᠥᠭᠡᠯᠡᠨ ᠬᠠᠲᠠᠭᠤ | ᠲᠤᠨᠤᠭ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠡᠷᠡᠭᠯᠡᠭᠴᠢᠳ ᠤᠨ ᠬᠡᠷᠡᠭᠴᠡᠭᠡ ᠳᠤ ᠵᠤᠬᠢᠴᠠᠭᠤᠯᠤᠨ ᠵᠠᠬᠢᠶᠠᠯᠠᠭ᠎ᠠ ᠶᠢᠨ ᠦᠢᠯᠡᠴᠢᠯᠡᠭᠡ ᠬᠠᠩᠭᠠᠵᠤ᠂ | ᠪᠠᠲᠤᠯᠠᠭ᠎ᠠ ᠶᠢ ᠦᠨᠡᠨ ᠬᠦ ᠡᠮᠦᠨ᠎ᠡ ᠨᠢ ᠪᠡᠶᠡᠯᠡᠭᠦᠯᠵᠦ᠂ ᠦᠢᠯᠡᠴᠢᠯᠡᠭᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠵᠢᠭᠤᠯᠴᠢᠯᠠᠭᠰᠠᠳ ᠢ ᠲᠠᠭᠠᠯᠠᠮᠵᠢᠳᠠᠢ | ᠪᠠᠶᠢᠯᠭᠠᠵᠤ᠂ ᠦᠢᠯᠡᠴᠢᠯᠡᠭᠡ ᠪᠠᠷ ᠬᠥᠮᠦᠰ ᠤᠨ ᠬᠦᠷᠢᠶᠡᠯᠡᠯ ᠢ ᠤᠯᠵᠤ᠂ ᠮᠠᠭᠲᠠᠭᠠᠯ ᠰᠠᠶᠢᠰᠢᠶᠠᠯ ᠢᠶᠠᠷ ᠤᠷᠤᠰᠴᠡ ᠶᠢᠨ ᠬᠡᠮᠵᠢᠶ᠎ᠡ ᠶᠢ ᠲᠠᠲᠠᠬᠤ ᠦᠷᠭᠦᠯᠵᠢᠯᠡᠬᠦ | ᠬᠥᠭᠵᠢᠯᠲᠡ ᠶᠢᠨ ᠠᠮᠢ ᠠᠬᠤᠢ ᠶᠢ ᠪᠦᠷᠢᠯᠳᠦᠭᠦᠯᠬᠦ ᠬᠡᠷᠡᠭᠳᠡᠢ᠃ | ᠰᠠᠶᠢᠬᠠᠨ ᠴᠡᠴᠡᠭ ᠦᠷᠭᠦᠯᠵᠢᠳᠡ ᠳᠡᠯᠭᠡᠷᠡᠵᠤ ᠪᠠᠶᠢᠪᠠᠯ ᠨᠠᠩ ᠴᠤ ᠰᠠᠶᠢᠬᠠᠨ᠃ ᠴᠡᠴᠡᠭ ᠰᠣᠨᠢᠷᠬᠠᠬᠤ ᠠᠵᠤ ᠠᠬᠤᠢ ᠶᠢᠨ ᠬᠥᠭᠵᠢᠯᠲᠡ ᠶᠢᠨ ᠵᠠᠮ ᠪᠣᠯ ᠨᠢᠭᠡ | ᠤᠳᠠᠭ᠎ᠠ ᠶᠢᠨ ︽ᠦᠩᠭᠡ ᠦᠵᠡᠮᠵᠢ︾ ᠠᠴᠠ ︽ᠦᠢᠯᠡᠳᠬᠦᠨ ᠤ ᠦᠷᠲᠡᠭ︾ ᠢ ᠪᠡᠶᠡᠯᠡᠬᠦᠯᠬᠦ ᠬᠤᠪᠢᠷᠠᠯᠲᠠ ᠪᠣᠯᠤᠨ᠎ᠠ᠃ ᠢᠯᠡᠭᠦᠬᠡᠨ ᠰᠡᠳᠭᠢᠯ ᠲᠠᠯᠪᠢᠵᠤ᠂ | ᠢᠯᠡᠭᠦᠬᠡᠨ ᠬᠦᠴᠦ ᠣᠷᠣᠭᠤᠯᠵᠤ᠂ ᠰᠣᠶᠣᠯ ᠤᠨ ᠦᠷᠭᠡᠴᠡ᠂ ᠦᠢᠯᠡᠴᠢᠯᠡᠭᠡ ᠶᠢᠨ ᠬᠠᠯᠠᠭᠤᠮᠰᠤᠭ ᠪᠠ ᠠᠵᠤ ᠦᠢᠯᠡᠰ ᠤᠨ ᠭᠦᠨᠴᠡ ᠶᠢ ᠦᠷᠭᠦᠯᠵᠢᠯᠡᠨ | ᠪᠤᠶᠢᠵᠢᠭᠤᠯᠪᠠᠯ ᠥᠪᠥᠷ ᠮᠣᠩᠭᠤᠯ ᠤᠨ ︽ᠴᠡᠴᠡᠭ ᠰᠤᠨᠢᠷᠬᠠᠬᠤ ᠠᠵᠤ ᠠᠬᠤᠢ︾ ᠶᠢᠨ ᠬᠦᠭᠵᠢᠯᠳᠡ ᠶᠢᠨ ᠣᠷᠣᠨ ᠵᠠᠢ ᠴᠢᠨᠠᠬᠰᠢᠳᠠ ᠲᠡᠯᠡᠭᠳᠡᠵᠦ᠂ ᠥᠨᠢᠳᠡ | ᠵᠤᠯᠭᠠᠷᠠᠰᠢ ᠦᠭᠡᠢ ︽ᠠᠵᠤ ᠠᠬᠤᠢ ᠶᠢᠨ ᠴᠡᠴᠡᠭᠡᠰ︾ ᠢ ᠮᠢᠷᠠᠯᠵᠠᠭᠤᠯᠵᠦ ᠴᠢᠳᠠᠨ᠎ᠠ᠃ |