ᠵᠢᠤᠨᠬᠦᠯ ᠴᠢᠷᠮᠠᠶᠢᠯᠭ᠎ᠠ ᠪᠠᠷ ᠵᠠᠯᠠᠭᠤ ᠨᠠᠰᠤᠨ ᠤ ᠳᠠᠭᠤᠯᠠᠯ ᠢ ᠪᠢᠴᠢᠭᠯᠡᠰᠦᠭᠡᠢ
ᠨᠡᠶᠢᠲᠡᠯᠡᠭᠰᠡᠨ ᠴᠠᠭ᠄
2025/5/6
      ᠵᠠᠯᠠᠭᠤᠴᠤᠳ ᠪᠣᠯ ᠤᠯᠤᠰ ᠣᠷᠣᠨ ᠤ ᠰᠦᠭ ᠰᠦᠨᠡᠰᠦ ᠮᠥᠨ᠃ ᠵᠠᠯᠠᠭᠤᠴᠤᠳ ᠨᠢᠭᠡᠪᠦᠷᠢ ᠴᠥᠮ ᠡᠨᠡ ᠬᠦ ᠴᠠᠭ ᠦᠶ᠎ᠡ ᠶᠢᠨ ᠲᠡᠮᠡᠴᠡᠯ ᠤᠨ ᠭᠤᠣᠯ ᠪᠠᠭᠠᠲᠤᠷ ᠮᠥᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠠᠶᠠᠨ ᠳᠤ᠂ ᠵᠠᠯᠠᠭᠤᠴᠤᠳ ᠨᠢᠭᠡᠪᠦᠷᠢ ᠲᠡᠮᠡᠴᠡᠯ ᠢᠶᠠᠷ ᠳᠡᠪᠢᠰᠭᠡᠷ ᠦᠩᠭᠡ ᠪᠣᠯᠭᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠠᠭ ᠮᠦᠴᠡ ᠶᠢ ᠦᠨᠡᠨ ᠬᠦ ᠮᠡᠳᠡᠯᠭᠡ ᠰᠤᠷᠬᠤ᠂ ᠡᠷᠳᠡᠮ ᠴᠢᠳᠠᠪᠤᠷᠢ ᠪᠠᠨ ᠨᠡᠮᠡᠭᠳᠡᠭᠦᠯᠬᠦ᠂ ᠪᠣᠳᠠᠲᠠᠢ ᠠᠵᠢᠯ ᠬᠢᠬᠦ ᠳᠡᠭᠡᠷ᠎ᠡ ᠵᠠᠷᠤᠴᠠᠭᠤᠯᠵᠤ᠂ ᠲᠡᠮᠡᠴᠡᠯ ᠴᠢᠷᠮᠠᠶᠢᠯᠭ᠎ᠠ ᠪᠠᠷ ᠵᠠᠯᠠᠭᠤ ᠨᠠᠰᠤᠨ ᠤ ᠳᠠᠭᠤᠯᠠᠯ ᠢᠶᠠᠨ ᠪᠢᠴᠢᠭᠯᠡᠬᠦ ᠬᠡᠷᠡᠭᠲᠡᠢ᠃       ᠤᠮᠠᠷᠠᠲᠤ ᠬᠢᠯᠢ ᠶᠢᠨ ᠡᠬᠡ ᠭᠠᠵᠠᠷ ᠢ ᠪᠠᠷᠠᠯᠠᠬᠤᠶ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠠᠴᠠ ᠲᠠᠷᠢᠶᠠᠨ ᠦᠵᠦᠬᠦᠷ ᠬᠦᠷᠲᠡᠯ᠎ᠡ᠂ ᠦᠢᠯᠡᠳᠪᠦᠷᠢ ᠶᠢᠨ ᠲᠠᠰᠤᠭ ᠠᠴᠠ ᠪᠠᠶᠢᠭᠤᠯᠭ᠎ᠠ ᠰᠤᠷᠭᠠᠭᠤᠯᠢ ᠬᠦᠷᠲᠡᠯ᠎ᠡ᠂ ᠮᠠᠯᠵᠢᠬᠤ ᠲᠠᠷᠢᠶᠠᠯᠠᠬᠤ ᠣᠷᠣᠨ ᠠᠴᠠ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠬᠦᠷᠲᠡᠯ᠎ᠡ᠂ ᠥᠪᠥᠷ ᠮᠣᠩᠭᠤᠯ ᠤᠨ ᠥᠷᠭᠡᠨ ᠣᠯᠠᠨ ᠵᠠᠯᠠᠭᠤᠴᠤᠳ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠴᠢᠷᠮᠠᠶᠢᠨ ᠲᠡᠮᠡᠴᠡᠵᠦ᠂ ᠯᠠᠪᠳᠠᠭᠤᠨ ᠪᠠᠲᠤᠲᠠᠶ ᠠᠵᠢᠯᠯᠠᠵᠤ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠵᠦ ᠪᠠᠶᠢᠨ᠎ᠠ᠃ ᠲᠤᠷᠰᠢᠯᠲᠠ ᠶᠢᠨ ᠲᠠᠰᠤᠭ ᠲᠤ ᠰᠢᠷᠭᠠᠭᠤ ᠬᠠᠲᠠᠭᠤᠵᠢᠯᠲᠠᠢ ᠪᠠᠷ ᠪᠣᠭᠤᠮᠲᠠ ᠰᠢᠪᠲᠤᠯᠵᠤ᠂ ᠮᠡᠷᠭᠡᠵᠢᠯ ᠤᠨ ᠪᠠᠬᠢᠯᠡᠯᠲᠡ ᠶᠢ ᠰᠢᠨ᠎ᠡ ᠶᠢ ᠡᠭᠦᠳᠦᠨ ᠰᠢᠪᠲᠤᠯᠤᠭᠰᠠᠨ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠤᠨ ᠶᠠᠩ ᠫᠤᠩ ᠹᠸᠢ᠂ ︽ᠳᠤᠮᠳᠠᠳᠤ ᠤᠯᠤᠰ ᠤᠨ ᠵᠠᠯᠠᠭᠤᠴᠤᠳ ᠤᠨ ᠲᠠᠪᠤᠨ ᠰᠠᠷ᠎ᠠ ᠶᠢᠨ ᠳᠥᠷᠪᠡᠨ ᠤ ᠱᠠᠩᠨᠠᠯ︾ ᠭᠥᠷᠳᠡᠭᠰᠡᠨ 2025 ᠣᠨ ᠤ ᠥᠪᠥᠷ ᠮᠣᠩᠭᠤᠯ ᠤᠨ ᠴᠣᠷ ᠤᠨ ᠭᠠᠭᠴᠠ ᠬᠤᠪᠢ ᠬᠥᠮᠦᠨ ᠪᠤᠯᠬᠤ ᠳᠤᠮᠳᠠᠳᠤ ᠤᠯᠤᠰ ᠤᠨ ᠬᠤᠶᠠᠳᠤᠭᠠᠷ ᠲᠡᠮᠦᠷᠯᠢᠭ ᠤᠨ ᠪᠦᠯᠦᠭᠯᠡᠯ ᠺᠣᠮᠫᠠᠨᠢ ᠶᠢᠨ ᠭᠤᠤ ᠯᠸᠢ᠂ ᠡᠭᠡᠷᠡᠮ᠎ᠡ ᠴᠦᠯ ᠬᠦᠨ ᠭᠤᠪᠢ ᠶᠢᠨ ᠳᠤᠮᠳᠠ ᠪᠡᠶ᠎ᠡ ᠪᠠᠷ ᠢᠶᠠᠨ ᠦᠢᠯᠡᠳᠦᠯᠭᠡᠵᠢᠭᠦᠯᠵᠦ᠂ ᠦᠢᠯᠡ ᠠᠵᠢᠯᠯᠠᠭ᠎ᠠ ᠪᠠᠷ ᠢᠶᠠᠨ ᠨᠤᠮᠢᠨ ᠤᠰᠤ ᠬᠥᠬᠡᠮᠳᠦᠭ ᠠᠭᠤᠯᠠ ᠪᠠᠨ ᠰᠠᠬᠢᠨ ᠬᠠᠮᠠᠭᠠᠯᠠᠭᠰᠠᠨ ᠢᠯᠢ ᠠᠵᠤ ᠠᠬᠤᠶᠢᠯᠠᠯ ᠤᠨ ᠡᠯᠡᠰᠦ ᠶᠢ ᠵᠠᠰᠠᠭᠰᠠᠨ ᠵᠠᠯᠠᠭᠤᠴᠤᠳ ᠁ ᠡᠳᠡᠭᠡᠷ ᠴᠤᠭ ᠵᠤᠯᠢ ᠪᠠᠳᠠᠷᠠᠭᠰᠠᠨ ᠵᠠᠯᠠᠭᠤᠴᠤᠳ ᠤᠨ ᠲᠦᠷᠢ ᠲᠥᠷᠬᠦ ᠨᠢ ᠲᠠᠪᠤᠨ ᠰᠠᠷ᠎ᠠ ᠶᠢᠨ ᠲᠦᠷᠪᠡᠨ ᠤ ᠬᠥᠳᠡᠯᠭᠡᠭᠡᠨ ᠤ ᠵᠣᠷᠢᠭ ᠰᠠᠨᠠᠭᠠᠨ ᠤ ᠣᠳᠣᠬᠠᠨ ᠤ ᠬᠠᠮᠤᠭ ᠤᠨ ᠰᠠᠶᠢᠨ ᠲᠠᠶᠢᠯᠪᠤᠷᠢᠯᠠᠯᠲᠠ ᠪᠣᠯᠬᠤ ᠪᠠᠷ ᠪᠠᠷᠠᠬᠤ ᠦᠭᠡᠢ᠂ ᠨᠡᠩ ᠴᠤ ᠵᠠᠯᠠᠭᠤᠴᠤᠳ ᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠠᠮᠢᠳᠤᠯᠢᠭ ᠵᠢᠷᠤᠭᠯᠠᠯ ᠪᠣᠯᠤᠨ᠎ᠠ᠃       ᠤᠳᠤ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠴᠠᠭ ᠤᠨ ᠰᠠᠶᠢᠬᠠᠨ ᠳᠤ ᠲᠠᠭᠠᠷᠠᠵᠤ᠂ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠲᠠᠪᠴᠠᠩ ᠬᠢᠵᠠᠭᠠᠯᠠᠰᠢ ᠦᠭᠡᠢ ᠥᠷᠭᠡᠨ ᠠᠭᠤᠳᠠᠮ ᠪᠠᠶᠢᠵᠤ᠂ ᠬᠦᠰᠡᠯ ᠵᠡᠭᠦᠳᠦ ᠪᠠᠨ ᠪᠡᠶᠡᠯᠡᠭᠦᠯᠬᠦ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ᠃ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠠᠶᠠᠨ ᠳᠤ᠂ ᠤᠳᠤ ᠦᠶ᠎ᠡ ᠶᠢᠨ ᠵᠠᠯᠠᠭᠤᠴᠤᠳ ᠥᠷᠯᠥᠭᠡ ᠦᠳᠡᠰᠢ ᠶᠢ ᠲᠡᠮᠡᠴᠡᠨ᠂ ᠵᠠᠯᠠᠭᠤ ᠨᠠᠰᠤ ᠪᠠᠨ ᠦᠯᠦ ᠬᠥᠰᠡᠷᠳᠡᠭᠦᠯᠬᠦ ᠲᠤᠯᠭᠠᠮ ᠪᠤᠳᠤᠯ᠂ ᠤᠯᠠᠨ ᠤ ᠳᠤᠮᠳᠠ ᠠᠴᠠ ᠴᠤᠯᠭᠤᠷᠠᠨ ᠭᠠᠷᠬᠤ᠋᠂ ᠥᠪᠡᠷ ᠢ ᠪᠠᠨ ᠦᠷᠡᠭᠳᠡᠭᠦᠯᠬᠦ ᠬᠠᠷᠢᠭᠤᠴᠠᠯᠭᠠᠲᠤ ᠰᠡᠳᠭᠢᠯᠭᠡ᠂ ᠦᠨᠡᠨ ᠠᠴᠠ ᠵᠥᠪ ᠢ ᠡᠷᠢᠬᠦ᠂ ᠴᠤᠭ ᠵᠤᠯᠢ ᠪᠠᠳᠠᠷᠠᠩᠭᠤᠢ ᠪᠠᠷ ᠡᠭᠦᠷᠭᠡ ᠬᠠᠷᠢᠭᠤᠴᠠᠬᠤ ᠡᠷᠡᠰ ᠵᠤᠷᠢᠭ ᠢᠶᠠᠷ ᠴᠠᠭ ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠷᠠᠬᠤ ᠡᠷᠡᠮᠡᠬᠡᠶᠢᠯᠡᠨ ᠲᠡᠮᠡᠴᠡᠭᠴᠢ᠂ ᠵᠠᠮ ᠨᠡᠭᠡᠭᠡᠭᠴᠢ᠂ ᠬᠤᠪᠢ ᠨᠡᠮᠡᠷᠢ ᠦᠵᠡᠭᠦᠯᠦᠭᠴᠢ ᠪᠤᠯᠵᠤ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠭᠤᠤ ᠶᠡᠭᠡ ᠦᠢᠯᠡᠳᠦᠯᠭᠡ ᠳᠤᠮᠳᠠ ᠵᠠᠯᠠᠭᠤ ᠨᠠᠰᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠬᠡᠷᠡᠭᠲᠡᠢ᠃       ᠠᠶᠠᠨ ᠵᠠᠮ ᠠᠳᠠᠪᠰᠢ ᠬᠤᠯᠠ᠂ ᠴᠦᠬᠦᠷᠡᠰᠢ ᠦᠬᠡᠢ ᠴᠢᠷᠮᠠᠶᠢᠨ ᠲᠡᠮᠡᠴᠡᠬᠦ ᠬᠡᠷᠡᠭᠲᠡᠢ᠃ ᠥᠷᠭᠡᠨ ᠤᠯᠠᠨ ᠵᠠᠯᠠᠭᠤᠴᠤᠳ ᠵᠠᠯᠠᠭᠤ ᠨᠠᠰᠤᠨ ᠳᠠᠭᠠᠨ ᠴᠢᠷᠮᠠᠶᠢᠨ ᠲᠡᠮᠡᠴᠡᠵᠦ᠂ ᠲᠡᠮᠡᠴᠡᠯ ᠢᠶᠠᠷ ᠪᠢᠷ ᠪᠣᠯᠭᠠᠨ᠂ ᠡᠭᠦᠷᠭᠡᠯᠡᠯ ᠢᠶᠠᠷ ᠪᠡᠬᠡᠰ ᠬᠢᠵᠤ᠂ ᠡᠷᠡᠮᠡᠬᠡᠶᠢᠯᠡᠨ ᠲᠡᠮᠡᠴᠡᠬᠦ ᠳᠦᠷᠰᠦ ᠪᠠᠶᠢᠳᠠᠯ ᠢᠶᠠᠷ ᠴᠠᠭ ᠦᠶ᠎ᠡ ᠶᠢᠨ ᠨᠣᠶᠠᠨ ᠤᠷᠬᠢᠯ ᠳᠤ ᠵᠣᠷᠢᠭᠲᠠᠢ ᠠᠪᠠᠷᠢᠵᠤ᠂ ᠵᠠᠯᠠᠭᠤ ᠨᠠᠰᠤᠨ ᠤ ᠳᠠᠭᠤᠯᠠᠯ ᠢᠶᠠᠨ ᠪᠢᠴᠢᠭᠯᠡᠬᠦ ᠬᠡᠷᠡᠭᠲᠡᠢ᠃
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ