ᠬᠡᠳᠤᠷᠬᠡᠢ ᠮᠠᠷᠢᠶᠠᠯᠠᠬᠤ ᠠᠴᠠ ᠬᠢᠴᠢᠶᠡᠬᠡᠷᠡᠢ
ᠨᠡᠶᠢᠲᠡᠯᠡᠭᠰᠡᠨ ᠴᠠᠭ᠄
2025/5/7
      ᠨᠠᠰᠤᠨ ᠳᠤ ᠬᠦᠷᠦᠭᠰᠡᠳ ᠤᠨ ᠬᠡᠪ ᠤᠨ ᠪᠠᠶ᠎ᠠ ᠶᠢᠨ ᠬᠦᠨᠳᠤ ᠶᠢ ᠲᠡᠯᠡᠬᠡᠢ ᠲᠡᠬᠡᠷ᠎ᠠ ᠬᠡᠷᠡᠭᠯᠡᠵᠤ ᠪᠠᠶᠢᠭ᠎ᠠ ᠪᠠᠶ᠎ᠠ ᠮᠠᠬᠠᠪᠤᠳ ᠤᠨ ᠢᠯᠡᠳᠬᠡᠭᠴᠢ ︵BMI︶ ᠪᠠᠷ ᠬᠡᠮᠵᠢᠵᠤ ᠪᠤᠯᠤᠨ᠎ᠠ᠃ BMI ᠶᠢᠨ ᠪᠤᠳᠤᠬᠤ ᠠᠷᠭ᠎ᠠ ᠪᠤᠯ ᠪᠠᠶ᠎ᠠ ᠶᠢᠨ ᠬᠦᠨᠳᠤ ︵ᠺᠢᠯᠦᠭᠷᠡᠮ︶ ᠪᠠᠨ ᠪᠠᠶ᠎ᠠ ᠶᠢᠨ ᠦᠨᠳᠤᠷ ︵ᠮᠤᠲᠷ︶ ᠤᠨ ᠺᠦᠸᠠᠳ᠋ ᠢᠶᠠᠷ ᠬᠤᠪᠢᠶᠠᠨ᠎ᠠ᠃ ᠮᠠᠨ ᠤ ᠤᠯᠤᠰ ᠤᠨ ᠨᠠᠰᠤᠨ ᠳᠤ ᠬᠦᠷᠦᠭᠰᠡᠳ ᠤᠨ ᠬᠡᠪ ᠤᠨ ᠪᠠᠶ᠎ᠠ ᠶᠢᠨ ᠬᠦᠨᠳᠤ BMI ᠶᠢᠨ ᠬᠡᠪᠴᠢᠶ᠎ᠠ 18.5 — 23.9 ᠺᠢᠯᠦᠭᠷᠡᠮ \ ᠺᠦᠸᠠᠳ᠋ ᠮᠤᠳ᠋ᠷ᠂ BMI ᠨᠢ 24 — 27.9 ᠺᠢᠯᠦᠭᠷᠡᠮ \ ᠺᠦᠸᠠᠳ᠋ ᠮᠤᠳ᠋ᠷ ᠪᠤᠯᠪᠠᠯ ᠬᠡᠳᠤ ᠬᠦᠨᠳᠤ ᠪᠤᠯᠵᠤ᠂ 28 ᠺᠢᠯᠦᠭᠷᠡᠮ \ ᠺᠦᠸᠠᠳ᠋ ᠮᠤᠳ᠋ᠷ ᠲᠠᠢ ᠲᠠᠩᠴᠡᠬᠦᠤ ᠪᠤᠶᠤ ᠶᠡᠭᠡ ᠪᠤᠯᠪᠠᠯ ᠮᠠᠷᠢᠶᠠᠯᠢᠬ ᠲᠤ ᠳᠤᠭᠠᠴᠢᠭᠳᠠᠨ᠎ᠠ᠃ ᠪᠠᠭᠠᠴᠤᠳ ᠬᠡᠤᠬᠡᠳ ᠤᠨ ᠬᠡᠪ ᠤᠨ ᠪᠠᠶ᠎ᠠ ᠶᠢᠨ ᠬᠦᠨᠳᠤ ᠶᠢᠨ ᠪᠠᠷᠢᠮᠵᠢᠶ᠎ᠠ ᠶᠢ ᠨᠠᠰᠤᠨ ᠳᠤ ᠬᠦᠷᠦᠭᠰᠡᠳ ᠤᠨ ᠬᠢ ᠪᠠᠷ ᠬᠡᠮᠵᠢᠵᠤ ᠪᠤᠯᠬᠤ ᠦᠬᠡᠢ᠂ ᠲᠠᠳᠡᠨ ᠤ ᠪᠤᠶᠢᠵᠢᠯᠳᠠ ᠶᠢᠨ ᠶᠠᠪᠤᠴᠠ ᠳᠤᠮᠳᠡᠬᠢ ᠪᠠᠶ᠎ᠠ ᠶᠢᠨ ᠦᠨᠳᠤᠷ ᠪᠤᠯᠤᠨ ᠪᠠᠶ᠎ᠠ ᠶᠢᠨ ᠬᠦᠨᠳᠤ ᠶᠢᠨ ᠬᠤᠪᠢᠷᠠᠯᠳᠠ ᠶᠢᠨ ᠤᠨᠴᠠᠯᠢᠬ ᠢ ᠪᠤᠳᠤᠯᠬᠢᠯᠠᠬᠤ ᠬᠡᠷᠡᠭᠳᠡᠢ᠃      ᠪᠠᠶ᠎ᠠ ᠶᠢᠨ ᠬᠦᠨᠳᠤ ᠨᠢ ᠬᠡᠪ ᠤᠨ ᠬᠡᠪᠴᠢᠶᠠᠨ ᠳᠤᠳᠤᠷ᠎ᠠ ᠪᠠᠶᠢᠬᠤ ᠬᠦᠮᠤᠨ ᠤ ᠡᠪᠡᠳᠴᠢᠨ ᠤᠯᠬᠤ ᠨᠤᠷᠮ᠎ᠠ ᠨᠢ ᠡᠴᠡᠩᠬᠡᠢ ᠪᠤᠶᠤ ᠬᠡᠳᠤ ᠬᠦᠨᠳᠤ᠂ ᠲᠠᠷᠭᠤᠨ ᠬᠦᠮᠤᠨ ᠠᠴᠠ ᠳᠤᠤᠷ᠎ᠠ ᠪᠠᠶᠢᠳᠠᠭ᠃ ᠪᠠᠶ᠎ᠠ ᠶᠢᠨ ᠬᠦᠨᠳᠤ ᠨᠢ ᠬᠡᠳᠤᠷᠬᠡᠢ ᠬᠦᠩᠬᠡᠨ ᠪᠤᠶᠤ ᠬᠡᠳᠤ ᠬᠦᠨᠳᠤ ᠨᠢ ᠪᠦᠷ ᠡᠷᠡᠬᠦᠯ ᠮᠠᠨᠳᠤ ᠳᠤ ᠠᠰᠢᠬ ᠦᠬᠡᠢ᠃ ᠪᠠᠶ᠎ᠠ ᠶᠢᠨ ᠬᠦᠨᠳᠤ ᠬᠡᠳᠤᠷᠬᠡᠢ ᠬᠦᠩᠬᠡᠨ ᠨᠢ ᠰᠢᠮ᠎ᠠ ᠲᠡᠵᠢᠬᠡᠯ ᠳᠤᠳᠠᠭᠳᠠᠵᠤ ᠪᠠᠶᠢᠬᠤ ᠶᠢ ᠢᠯᠡᠷᠡᠬᠦᠯᠵᠤ᠂ ᠪᠠᠭᠠᠴᠤᠳ ᠬᠡᠤᠬᠡᠳ ᠤᠨ ᠪᠠᠶ᠎ᠠ ᠮᠠᠬᠠᠪᠤᠳ ᠪᠠ ᠤᠶᠤᠨ ᠤ ᠬᠦᠭᠵᠢᠯᠳᠠ ᠶᠢ ᠨᠦᠯᠦᠬᠡᠯᠡᠳᠡᠭ᠃ ᠨᠠᠰᠤᠨ ᠳᠤ ᠬᠦᠷᠦᠭᠰᠡᠳ ᠤᠨ ᠪᠠᠶ᠎ᠠ ᠶᠢᠨ ᠬᠦᠠᠳᠤ ᠬᠡᠳᠤᠷᠬᠡᠢ ᠬᠦᠩᠬᠡᠨ ᠪᠤᠯᠪᠠᠯ ᠬᠦᠳᠡᠯᠮᠤᠷᠢ ᠶᠢᠨ ᠴᠢᠳᠠᠪᠤᠷᠢ ᠳᠤᠷᠤᠭᠰᠢᠯᠠᠬᠤ᠂ ᠶᠠᠰᠤᠨ ᠤ ᠬᠡᠮᠵᠢᠶ᠎ᠠ ᠠᠯᠳᠠᠭᠳᠠᠬᠤ᠂ ᠶᠠᠰᠤ ᠪᠡᠷᠳᠡᠬᠦ᠂ ᠬᠤᠳᠤᠭᠤᠳᠤ ᠬᠡᠳᠡᠰᠤᠨ ᠤ ᠠᠵᠢᠯᠯᠠᠭ᠎ᠠ ᠰᠠᠮᠠᠭᠤᠷᠠᠬᠤ᠂ ᠡᠬᠡᠯᠢᠯᠡᠭᠡ ᠶᠢᠨ ᠴᠢᠳᠠᠯ ᠳᠤᠷᠤᠭᠰᠢᠯᠠᠬᠤ᠂ ᠴᠢᠰᠤ ᠳᠤᠳᠠᠬᠤ᠂ ᠭᠠᠩᠰᠠᠷᠠᠬᠤ ᠬᠡᠮ ᠲᠠᠢ ᠪᠤᠯᠬᠤ ᠵᠡᠷᠬᠡ ᠤᠯᠠᠨ ᠲᠠᠯ᠎ᠠ ᠶᠢᠨ ᠡᠪᠡᠳᠴᠢᠨ ᠤ ᠢᠯᠡᠷᠡᠯ ᠭᠠᠷᠤᠨ᠎ᠠ᠃ ᠬᠡᠳᠤ ᠬᠦᠨᠳᠤ ᠪᠠ ᠮᠠᠷᠢᠶ᠎ᠠ ᠲᠠᠢ ᠪᠤᠯᠬᠤ ᠨᠢ ᠵᠢᠷᠤᠬᠡ ᠲᠡᠷᠢᠬᠢᠨ ᠤ ᠴᠢᠰᠤᠨ ᠰᠤᠳᠠᠯ ᠤᠨ ᠡᠪᠡᠳᠴᠢᠨ᠂ ᠰᠢᠬᠢᠷ ᠰᠢᠵᠢᠩ ᠡᠪᠡᠳᠴᠢᠨ ᠤ ᠡᠬᠦᠰᠬᠦ ᠨᠤᠷᠮ᠎ᠠ ᠶᠢ ᠢᠯᠡᠳᠳᠠ ᠨᠡᠮᠡᠭᠳᠡᠬᠦᠯᠳᠡᠭ᠂ ᠮᠠᠷᠢᠶ᠎ᠠ ᠲᠠᠢ ᠬᠦᠮᠤᠨ ᠪᠠᠰᠠ ᠶᠠᠰᠤᠨ ᠤ ᠦᠶ᠎ᠠ ᠬᠡᠰᠢᠬᠦᠤ ᠶᠢᠨ ᠡᠪᠡᠳᠴᠢᠨ᠂ ᠦᠬᠡᠬᠦᠯᠡᠭᠰᠡᠡ ᠡᠯᠢᠬᠡ᠂ ᠰᠦᠰᠤ ᠴᠢᠯᠠᠭᠤᠵᠢᠬᠤ ᠡᠪᠡᠳᠴᠢᠨ᠂ ᠳᠤᠯᠠᠢ ᠡᠪᠡᠳᠴᠢᠨ᠂ ᠪᠦᠭᠯᠡᠷᠠᠯ ᠤᠨ ᠴᠢᠨᠠᠷᠳᠡᠢ ᠤᠨᠳᠠᠯᠭ᠎ᠠ ᠶᠢᠨ ᠠᠮᠢᠰᠬᠤᠭ᠎ᠠ ᠲᠦᠷ ᠵᠤᠭᠰᠤᠬᠤ ᠨᠡᠶᠢᠯᠡᠭ ᠬᠡᠮ᠂ ᠳᠤᠳᠤᠭᠠᠳᠤ ᠰᠢᠬᠦᠷᠠᠯ ᠰᠠᠮᠠᠭᠤᠷᠠᠬᠤ ᠵᠡᠷᠬᠡ ᠡᠪᠡᠳᠴᠢᠨ ᠢ ᠠᠮᠠᠷᠬᠠᠨ ᠤᠯᠤᠨ᠎ᠠ᠃       ᠢᠳᠡᠰᠢ ᠶᠢᠨ ᠬᠡᠮᠵᠢᠶ᠎ᠡ ᠪᠡ ᠬᠦᠳᠡᠯᠬᠡᠬᠡᠨ ᠬᠢᠬᠦ ᠪᠤᠯ ᠬᠡᠪ ᠤᠨ ᠪᠠᠶ᠎ᠠ ᠶᠢᠨ ᠬᠦᠨᠳᠤ ᠶᠢ ᠪᠠᠳᠤᠯᠠᠬᠤ ᠬᠤᠶᠠᠷ ᠭᠤᠤᠯ ᠡᠯᠤᠮᠤᠨ᠋ᠲ ᠮᠦᠨ᠃ ᠢᠳᠡᠰᠢ ᠨᠢ ᠬᠦᠮᠤᠨ ᠤ ᠪᠡᠶ᠎ᠠ ᠳᠤ ᠡᠨᠤᠷᠬᠢ ᠬᠠᠩᠭᠠᠵᠤ᠂ ᠬᠦᠳᠡᠯᠬᠡᠬᠡᠨ ᠬᠢᠬᠦ ᠨᠢ ᠡᠨᠤᠷᠬᠢ ᠶᠢ ᠬᠤᠷᠤᠭᠳᠠᠭᠤᠯᠤᠨ᠎ᠠ᠃ ᠬᠡᠷᠪᠡ ᠢᠳᠡᠰᠢ ᠶᠢᠨ ᠬᠡᠮᠵᠢᠶ᠎ᠠ ᠠᠷᠪᠢᠳᠴᠤ ᠬᠦᠳᠡᠯᠬᠡᠬᠡᠨ ᠬᠢᠬᠦ ᠬᠡᠮᠵᠢᠶ᠎ᠠ ᠬᠦᠢᠴᠡᠳ ᠦᠬᠡᠢ ᠪᠤᠯ ᠦᠯᠡᠳᠡᠭᠳᠡᠯ ᠡᠨᠤᠷᠬᠢ ᠨᠢ ᠬᠦᠮᠤᠨ ᠤ ᠪᠠᠶ᠎ᠠ ᠳᠤᠳᠤᠷ᠎ᠠ ᠦᠬᠡᠬᠦ ᠶᠢᠨ ᠬᠡᠯᠪᠡᠷᠢ ᠪᠠᠷ ᠬᠠᠳᠠᠭᠠᠯᠠᠭᠳᠠᠨ ᠪᠠᠶ᠎ᠠ ᠶᠢᠨ ᠬᠦᠨᠳᠤ ᠶᠢ ᠨᠡᠮᠡᠭᠳᠡᠬᠦᠯᠵᠤ ᠬᠡᠳᠤ ᠬᠦᠨᠳᠤ ᠪᠤᠶᠤ ᠮᠠᠷᠢᠶ᠎ᠠ ᠲᠠᠢ ᠪᠤᠯᠭᠠᠨ᠎ᠠ᠃ ᠡᠰᠡᠷᠬᠦ ᠪᠠᠷ ᠬᠡᠷᠪᠡ ᠢᠳᠡᠰᠢ ᠶᠢᠨ ᠬᠡᠮᠵᠢᠶ᠎ᠠ ᠬᠦᠷᠤᠯᠴᠡᠬᠦ ᠦᠬᠡᠢ ᠪᠤᠯ ᠡᠨᠤᠷᠬᠢ ᠬᠦᠢᠴᠡᠳ ᠦᠬᠡᠢ ᠠᠴᠠ ᠪᠤᠯᠵᠤ ᠬᠡᠳᠤᠷᠬᠡᠢ ᠬᠦᠩᠬᠡᠨ ᠪᠤᠶᠤ ᠡᠴᠡᠩᠬᠡᠢ ᠪᠤᠯᠭᠠᠨ᠎ᠠ᠃ ᠡᠶᠢᠮᠤ ᠠᠴᠠ ᠢᠳᠡᠰᠢ ᠶᠢᠨ ᠬᠡᠮᠵᠢᠶ᠎ᠠ ᠪᠠ ᠬᠦᠳᠡᠯᠬᠡᠬᠡᠨ ᠬᠢᠬᠦ ᠬᠡᠮᠵᠢᠶ᠎ᠠ ᠪᠠᠨ ᠲᠠᠩᠴᠡᠬᠦᠷᠢᠳᠡᠢ ᠪᠠᠶᠢᠯᠭᠠᠵᠤ ᠤᠯᠠᠨ ᠵᠦᠢᠯ ᠤᠨ ᠢᠳᠡᠬᠡᠨ ᠤ ᠬᠠᠩᠭᠠᠭᠰᠠᠠ ᠡᠨᠤᠷᠬᠢ ᠨᠢ ᠪᠠᠶ᠎ᠠ ᠮᠠᠬᠠᠪᠤᠳ ᠤᠨ ᠬᠡᠷᠡᠭᠴᠡᠭᠡ ᠶᠢ ᠬᠠᠩᠭᠠᠬᠤ ᠶᠢᠨ ᠬᠠᠮᠳᠤ ᠪᠠᠶ᠎ᠠ ᠳᠤ ᠦᠯᠡᠳᠡᠬᠦ ᠦᠬᠡᠢ ᠪᠠᠶᠢᠬᠤ ᠶᠢ ᠪᠠᠳᠤᠯᠠᠪᠠᠯ ᠵᠤᠬᠢᠨ᠎ᠠ᠃ ᠢᠩᠬᠢᠪᠡᠯ ᠰᠠᠶ᠋ᠢ ᠪᠠᠶ᠎ᠠ ᠶᠢᠨ ᠬᠦᠨᠳᠤ ᠶᠢ ᠳᠤᠬᠢᠷᠠᠮᠵᠢᠳᠡᠢ ᠬᠡᠪᠴᠢᠶᠠᠨ ᠳᠤᠳᠤᠷ᠎ᠠ ᠬᠢᠵᠠᠭᠠᠷᠯᠠᠵᠤ ᠴᠢᠳᠠᠨ᠎ᠠ᠃      ᠡᠩ ᠤᠨ ᠪᠠᠶᠢᠳᠠᠯ ᠳᠤ ᠬᠤᠭᠤᠯᠠᠨ ᠤ ᠳᠤᠷᠠᠰᠢᠯ ᠨᠢ ᠢᠳᠡᠰᠢ ᠶᠢᠨ ᠬᠡᠮᠵᠢᠶ᠎ᠠ ᠶᠢ ᠪᠦᠳᠤᠮᠵᠢᠳᠡᠢ ᠬᠢᠵᠠᠭᠠᠷᠯᠠᠵᠤ ᠬᠡᠪ ᠤᠨ ᠪᠠᠶ᠎ᠠ ᠶᠢᠨ ᠬᠦᠨᠳᠤ ᠶᠢ ᠪᠠᠳᠤᠯᠠᠵᠤ ᠴᠢᠳᠠᠨ᠎ᠠ᠃ ᠵᠠᠷᠢᠮ ᠬᠦᠮᠤᠨ ᠤ ᠬᠤᠭᠤᠯᠠᠨ ᠤ ᠳᠤᠷᠠᠰᠢᠯ ᠤᠨ ᠳᠤᠬᠢᠷᠠᠭᠤᠯᠤᠯᠳᠠ ᠰᠡᠷᠬᠡᠭ ᠪᠢᠰᠢ ᠪᠠᠶᠢᠵᠤ᠂ ᠬᠤᠭᠤᠯᠠᠨ ᠤ ᠳᠤᠷᠠᠰᠢᠯ ᠢ ᠬᠠᠩᠭᠠᠬᠤ ᠢᠳᠡᠰᠢ ᠶᠢᠨ ᠬᠡᠮᠵᠢᠶ᠎ᠠ ᠶᠠᠷᠤ ᠳᠡᠭᠡᠨ ᠪᠤᠳᠠᠳᠤ ᠬᠡᠷᠡᠭᠴᠡᠭᠡ ᠠᠴᠠ ᠲᠠᠪᠠᠵᠤ ᠪᠠᠶᠢᠳᠠᠭ᠃ ᠬᠡᠳᠤᠷᠬᠡᠢ ᠠᠷᠪᠢᠨ ᠡᠨᠤᠷᠬᠢ ᠨᠢ ᠪᠠᠶ᠎ᠠ ᠶᠢᠨ ᠬᠦᠨᠳᠤ ᠶᠢ ᠨᠡᠮᠡᠭᠳᠡᠬᠦᠯᠬᠦ ᠳᠤᠯᠠ ᠴᠠᠭ ᠤᠨ ᠬᠤᠭᠤᠯᠠ ᠪᠠᠨ ᠬᠡᠳᠤᠷᠬᠡᠢ ᠴᠡᠳᠳᠠᠯ᠎ᠠ ᠢᠳᠡᠵᠤ ᠪᠤᠯᠬᠤ ᠦᠬᠡᠢ᠃ ᠡᠳᠤᠷ ᠪᠦᠷᠢ ᠨᠢᠬᠡ ᠠᠮᠠ ᠢᠯᠡᠬᠦᠤ ᠢᠳᠡᠬᠦ ᠨᠢ ᠴᠠᠭ ᠤᠨ ᠤᠳᠠᠭᠠᠨ ᠳᠤ ᠪᠠᠶ᠎ᠠ ᠶᠢᠨ ᠬᠦᠨᠳᠤ ᠶᠢ ᠨᠡᠮᠡᠭᠳᠡᠬᠦᠯᠤᠨ᠎ᠠ᠃ ᠡᠶᠢᠮᠤ ᠠᠴᠠ ᠡᠳᠤᠷ ᠳᠤᠳᠤᠮ ᠤᠨ ᠠᠮᠢᠳᠤᠷᠠᠯ ᠳᠤᠮᠳᠠ᠄ ᠨᠢᠬᠡ᠂ ᠴᠠᠭ ᠤᠨ ᠬᠤᠭᠤᠯᠠ ᠶᠢ ᠬᠡᠳᠤᠷᠬᠡᠢ ᠴᠡᠳᠳᠠᠯ᠎ᠠ ᠢᠳᠡᠵᠤ ᠪᠤᠯᠬᠤ ᠦᠬᠡᠢ︔ ᠬᠤᠶᠠᠷ᠂ ᠬᠤᠭᠤᠯᠠ ᠪᠤᠳᠠᠭᠠᠨ ᠤ ᠠᠷᠢᠯᠭᠠᠭᠴᠢ ᠪᠠᠶᠢᠵᠤ ᠪᠤᠯᠬᠤ ᠦᠬᠡᠢ᠂ ᠵᠠᠷᠢᠮ ᠬᠦᠮᠤᠨ ᠴᠡᠳᠳᠠᠯ᠎ᠠ ᠢᠳᠡᠭᠰᠡᠡ ᠤ ᠪᠠᠨ ᠲᠠᠷᠠᠭ᠎ᠠ ᠪᠠᠰᠠ ᠵᠠᠷᠢᠮ ᠦᠯᠡᠳᠡᠭᠳᠡᠯ ᠬᠤᠭᠤᠯᠠ ᠶᠢ ᠴᠡᠪᠡᠷᠯᠡᠨ ᠢᠳᠡᠳᠡᠭ᠃ ᠡᠨᠡ ᠨᠢ ᠡᠳᠤᠷ ᠤᠨ ᠤᠳᠠᠭᠠᠨ ᠳᠠᠭᠠᠨ ᠡᠨᠤᠷᠬᠢ ᠶᠢᠨ ᠤᠷᠤᠭᠤᠯᠤᠯᠳᠠ ᠶᠢ ᠨᠡᠮᠡᠭᠳᠡᠬᠦᠯᠤᠨ᠎ᠠ︔ ᠭᠤᠷᠪᠠ᠂ ᠦᠷᠬᠦᠯᠵᠢ ᠭᠠᠳᠠᠨ᠎ᠠ ᠬᠤᠭᠤᠯᠠᠯᠠᠪᠠᠯ ᠠᠰᠢᠬ ᠦᠬᠡᠢ︔ ᠲᠦᠷᠪᠡ᠂ ᠰᠤᠯᠠ ᠢᠳᠡᠬᠡᠨ ᠢ ᠤᠯᠠᠨ ᠢᠳᠡᠵᠤ ᠪᠤᠯᠬᠤ ᠦᠬᠡᠢ︔ ᠲᠠᠪᠤ᠂ ᠭᠠᠷᠠᠭ ᠲᠤ ᠨᠢᠬᠡ ᠤᠳᠠᠭ᠎ᠠ ᠪᠠᠶ᠎ᠠ ᠶᠢᠨ ᠬᠦᠨᠳᠤ ᠪᠠᠨ ᠬᠡᠮᠵᠢᠨ᠎ᠠ᠃       ᠪᠠᠶ᠎ᠠ ᠮᠠᠬᠠᠪᠤᠳ ᠤᠨ ᠬᠦᠳᠡᠯᠬᠡᠬᠡᠨ ᠬᠡᠳᠡᠭ ᠪᠤᠯ ᠡᠳᠤᠷ ᠳᠤᠳᠤᠮ ᠤᠨ ᠠᠵᠢᠯ ᠠᠮᠢᠳᠤᠷᠠᠯ᠂ ᠶᠠᠪᠤᠵᠤ ᠰᠠᠭᠤᠬᠤ ᠪᠤᠯᠤᠨ ᠪᠠᠶ᠎ᠠ ᠶᠢᠨ ᠲᠠᠮᠢᠷ ᠤᠨ ᠪᠤᠯᠪᠠᠰᠤᠷᠠᠯ ᠵᠡᠷᠬᠡ ᠲᠠᠮᠢᠷ ᠪᠠᠷᠠᠬᠤ ᠬᠦᠳᠡᠯᠬᠡᠬᠡᠨ ᠢ ᠬᠡᠯᠡᠨ᠎ᠠ᠃ ᠡᠨᠡ ᠨᠢ ᠲᠠᠮᠢᠷ ᠢ ᠪᠠᠷᠠᠭᠳᠠᠭᠤᠯᠬᠤ ᠶᠢᠨ ᠬᠠᠮᠳᠤ ᠪᠤᠯᠴᠢᠩ ᠢ ᠠᠪᠴᠢᠭᠤᠯᠵᠤ ᠡᠨᠤᠷᠬᠢ ᠶᠢᠨ ᠬᠤᠷᠤᠭᠳᠠᠯ ᠢ ᠨᠡᠮᠡᠭᠳᠡᠬᠦᠯᠤᠨ᠎ᠠ᠃ ᠡᠶᠢᠮᠤ ᠠᠴᠠ ᠵᠠᠮ ᠶᠠᠪᠤᠬᠤ᠂ ᠳᠤᠭᠤᠢ ᠤᠨᠤᠬᠤ᠂ ᠪᠦᠮᠪᠦᠭᠡ ᠨᠠᠭᠠᠳᠬᠤ᠂ ᠪᠦᠵᠢᠭᠯᠡᠬᠦ᠂ ᠠᠰᠠᠷ ᠤᠨ ᠱᠠᠳᠤ ᠪᠠᠷ ᠠᠯᠬᠤᠬᠤ᠂ ᠬᠡᠷ ᠢᠶᠠᠨ ᠴᠡᠪᠡᠷᠯᠡᠬᠦ ᠵᠡᠷᠬᠡ ᠨᠢ ᠪᠦᠷ ᠪᠠᠶ᠎ᠠ ᠮᠠᠬᠠᠪᠤᠳ ᠤᠨ ᠬᠦᠳᠡᠯᠬᠡᠬᠡᠨ ᠤ ᠠᠳᠠᠯᠢ ᠪᠤᠰᠤ ᠬᠡᠯᠪᠡᠷᠢ ᠶᠤᠮ᠃ ᠦᠷᠬᠦᠯᠵᠢ ᠪᠠᠶ᠎ᠠ ᠮᠠᠬᠠᠪᠤᠳ ᠤᠨ ᠬᠦᠳᠡᠯᠬᠡᠬᠡᠨ ᠬᠢᠬᠦ ᠨᠢ ᠬᠡᠪ ᠤᠨ ᠪᠠᠶ᠎ᠠ ᠶᠢᠨ ᠬᠦᠨᠳᠤ ᠶᠢ ᠪᠠᠳᠤᠯᠠᠬᠤ ᠳᠤ ᠳᠤᠰᠠᠳᠠᠢ ᠪᠠᠷ ᠪᠠᠷᠠᠬᠤ ᠦᠬᠡᠢ ᠤᠯᠠᠨ ᠵᠦᠢᠯ ᠤᠨ ᠤᠳᠠᠭᠠᠨ ᠴᠢᠨᠠᠷᠳᠡᠢ ᠡᠪᠡᠳᠴᠢᠨ ᠢ ᠤᠯᠬᠤ ᠠᠶᠤᠯ ᠢ ᠪᠠᠭᠠᠰᠬᠠᠨ᠎ᠠ᠃ ᠬᠠᠮᠳᠤ ᠳᠤᠨᠢ ᠰᠡᠳᠬᠢᠯ ᠰᠠᠨᠠᠭᠠᠨ ᠤ ᠳᠤᠭᠳᠠᠪᠤᠷᠢᠳᠠᠢ ᠪᠠᠶᠢᠬᠤ ᠶᠢ ᠳᠤᠬᠢᠷᠠᠭᠤᠯᠵᠤ ᠲᠠᠷᠤᠭᠠᠰᠤ ᠶᠢ ᠠᠷᠢᠯᠭᠠᠨ᠂ ᠵᠤᠪᠠᠨᠢᠬᠤ ᠪᠠ ᠭᠠᠩᠰᠠᠷᠠᠬᠤ ᠬᠡᠮ ᠢ ᠬᠦᠩᠬᠡᠷᠡᠬᠦᠯᠵᠤ᠂ ᠤᠨᠳᠠᠬᠤ ᠶᠢ ᠰᠠᠶᠢᠵᠢᠷᠠᠭᠤᠯᠤᠨ᠎ᠠ᠃ ᠤᠳᠤᠬᠠᠨ ᠳᠤ ᠮᠠᠨ ᠤ ᠤᠯᠤᠰ ᠤᠨ ᠤᠯᠠᠩᠬᠢ ᠰᠠᠭᠤᠭᠠᠯᠢ ᠠᠷᠠᠳ ᠤᠨ ᠪᠠᠶ᠎ᠠ ᠮᠠᠬᠠᠪᠤᠳ ᠤᠨ ᠬᠦᠳᠡᠯᠬᠡᠬᠡᠨ ᠬᠦᠢᠴᠡᠳ ᠦᠬᠡᠢ ᠪᠤᠶᠤ ᠲᠠᠮᠢᠷ ᠤᠨ ᠪᠤᠯᠪᠠᠰᠤᠷᠠᠯ ᠢᠶᠠᠷ ᠳᠤᠳᠠᠮᠠᠭ ᠪᠠᠶᠢᠨ᠎ᠠ᠃ ᠤᠳᠠᠭᠠᠨ ᠰᠠᠭᠤᠵᠤ ᠳᠤᠳᠠᠭᠤ ᠬᠦᠳᠡᠯᠬᠦ ᠮᠠᠭᠤ ᠵᠠᠩᠰᠢᠯ ᠢᠶᠠᠨ ᠬᠠᠶᠠᠵᠤ᠂ ᠡᠳᠤᠷ ᠪᠤᠯᠭᠠᠨ ᠬᠦᠳᠡᠯᠬᠡᠬᠡᠨ ᠬᠢᠬᠦ ᠲᠠᠳᠬᠠᠯ ᠢ ᠪᠤᠢ ᠪᠤᠯᠭᠠᠨ᠂ ᠡᠨᠤᠷᠬᠢ ᠶᠢ ᠬᠤᠷᠤᠭᠳᠠᠭᠤᠯᠬᠤ ᠬᠦᠳᠡᠯᠬᠡᠬᠡᠨ ᠢ ᠡᠳᠤᠷ ᠪᠦᠷᠢ ᠢᠯᠡᠬᠦᠬᠡᠨ ᠬᠢᠬᠦ ᠶᠢ ᠪᠠᠷᠢᠮᠳᠡᠯᠡᠪᠡᠯ ᠵᠤᠬᠢᠨ᠎ᠠ᠃
ᠢᠷᠡᠯᠲᠡ᠄ ︽ᠡᠷᠡᠬᠦᠯ ᠮᠠᠨᠳᠤ ᠶᠢᠨ 66 ᠵᠤᠷᠪᠤᠰ︾ ᠨᠤᠮ