ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠠᠬᠢ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ ᠶᠢᠨ | ᠳᠠᠯᠳᠠ ᠭᠡᠮ ᠢ ᠪᠦᠲᠦᠮᠵᠢᠲᠡᠢ ᠪᠠᠭᠤᠷᠠᠭᠤᠯᠵᠤ᠂ ᠠᠷᠠᠳ ᠤᠯᠠᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠶᠢᠨ | ᠲᠥᠯᠥᠭᠡ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠩᠬᠢ ᠶᠢᠨ ᠪᠦᠬᠦ ᠠᠵᠢᠯᠳᠠᠨ ᠤ ᠠᠵᠢᠯ ᠤᠨ ᠪᠠᠶᠢᠷᠢ ᠪᠠᠨ ᠪᠠᠲᠤ ᠰᠠᠬᠢᠵᠤ᠂ ︽ | ᠤᠬᠠᠭᠤᠯᠵᠤ ᠲᠣᠭᠤᠷᠢᠨ ᠬᠠᠮᠠᠭᠠᠯᠠᠵᠤ ᠳᠠᠶᠢᠨ ᠳᠤ ᠪᠡᠯᠡᠳᠬᠡᠬᠦ︾ ᠭᠤᠷᠪᠠ ᠶᠢ ᠨᠢᠭᠡ ᠴᠤᠬᠴᠠᠵᠢᠭᠤᠯᠤᠬᠰᠠᠨ ᠵᠠᠭᠪᠤᠷ ᠢᠶᠠᠷ ᠤᠢ ᠰᠢᠭᠤᠢ ᠪᠠ ᠨᠤᠲᠤᠭ ᠪᠡᠯᠴᠢᠭᠡᠷ ᠤᠨ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ | ᠬᠦᠴᠦᠨ ᠢᠶᠠᠷ ᠢᠶᠠᠨ ᠬᠠᠮᠠᠭᠠᠯᠠᠵᠤ᠂ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠢ ᠪᠠᠲᠤᠯᠠᠪᠠ᠃ | | | | ᠪᠠᠶᠠᠷ ᠤᠨ ᠡᠳᠦᠷ ᠤᠨ ᠬᠤᠭᠤᠴᠠᠭᠠᠨ ᠳᠤ᠂ ᠠᠭᠠᠷ ᠤᠨ ᠳᠤᠯᠠᠭᠠᠨ ᠳᠡᠭᠡᠭᠰᠢᠯᠡᠵᠦ᠂ ᠶᠡᠭᠡ ᠰᠠᠯᠬᠢᠨ ᠲᠠᠢ ᠠᠭᠤᠷ ᠠᠮᠢᠰᠬᠤᠯ ᠨᠡᠮᠡᠭᠳᠡᠵᠦ᠂ ᠮᠠᠯᠵᠢᠬᠤ | ᠣᠷᠣᠨ ᠳᠤ ᠬᠥᠮᠦᠰ ᠨᠡᠮᠡᠭᠳᠡᠵᠦ᠂ ᠬᠡᠭᠡᠷ᠎ᠡ ᠭᠠᠳᠠᠨᠠᠬᠢ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠬᠦᠴᠢᠷᠳᠡᠯ ᠶᠡᠬᠡᠰᠴᠦ᠂ ᠮᠥᠨ ᠴᠦ ᠭᠠᠯ ᠤᠨ ᠠᠶᠤᠯ ᠣᠯᠠᠨ | ᠡᠭᠦᠰᠬᠦ ᠴᠠᠭ ᠬᠤᠭᠤᠴᠠᠭ᠎ᠠ ᠪᠣᠯᠤᠨ᠎ᠠ᠃ ᠮᠠᠨ ᠤ ᠬᠤᠰᠢᠭᠤ ︽ᠰᠡᠷᠭᠡᠶᠢᠯᠡᠬᠦ︾ ᠳᠡᠭᠡᠷ᠎ᠡ ᠢᠳᠡᠪᠬᠢᠲᠡᠢ ᠬᠦᠴᠦᠯᠡᠨ᠂ ᠡᠳᠦᠷ ᠪᠦᠷᠢ ᠭᠤᠣᠯᠳᠠᠯᠭ᠎ᠠ ᠲᠠᠢ ᠣᠷᠣᠨ | ᠪᠦᠰᠡ᠂ ᠴᠢᠬᠤᠯᠠ ᠭᠠᠵᠠᠷ᠂ ᠭᠤᠣᠯ ᠣᠷᠣᠵᠤ ᠭᠠᠷᠬᠤ ᠵᠠᠮ ᠤᠨ ᠠᠭᠤᠯᠵᠠᠷ ᠲᠤ ᠲᠣᠭᠤᠷᠢᠨ ᠬᠠᠮᠠᠭᠠᠯᠠᠵᠤ ᠪᠠᠶᠢᠴᠠᠭᠠᠯᠲᠠ ᠬᠢᠬᠦ ᠶᠢᠨ ᠬᠠᠮᠲᠤ ᠭᠠᠯ ᠢ ᠰᠡᠷᠭᠡᠶᠢᠯᠡᠬᠦ | ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ | ᠠᠷᠠᠳ ᠤᠯᠠᠨ ᠳᠤ ᠭᠠᠯ ᠢ ᠰᠡᠷᠭᠡᠶᠢᠯᠡᠬᠦ ᠣᠶᠢᠯᠠᠭᠠᠭᠳᠠᠬᠤᠨ ᠢ ᠤᠬᠠᠭᠤᠯᠵᠤ᠂ ᠭᠠᠯ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠤᠢ ᠰᠢᠭᠤᠢ ᠪᠠ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠢ ᠦᠨᠡᠨᠬᠦ ᠪᠠᠲᠤᠯᠠᠪᠠ᠃ ᠪᠠᠶᠠᠷ ᠤᠨ ᠡᠳᠦᠷ ᠤᠨ ᠬᠤᠭᠤᠴᠠᠭᠠᠨ ᠳᠤ᠂ ᠡᠯ᠎ᠡ ᠰᠤᠮᠤ ᠪᠠᠯᠭᠠᠰᠤ᠂ | ᠬᠠᠮᠢᠶ᠎ᠠ ᠪᠥᠬᠦᠶ ᠰᠠᠯᠠᠭ᠎ᠠ ᠮᠥᠴᠢᠷ ᠨᠡᠶᠢᠲᠡ 102 ᠬᠥᠮᠦᠨ᠂ 34 ᠲᠡᠷᠭᠡ᠂ 68 ᠭᠠᠯ ᠤᠨᠲᠠᠷᠠᠭᠠᠬᠤ ᠮᠠᠰᠢᠨ ᠢ ᠬᠥᠳᠡᠯᠭᠡᠵᠦ᠂ 600 ᠭᠠᠷᠤᠶ ᠬᠤᠪᠢ ᠮᠣᠩᠭᠤᠯ | ᠬᠢᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ 745 ᠺᠢᠯᠤᠮᠧᠲᠷ ᠲᠣᠭᠤᠷᠢᠨ ᠬᠠᠮᠠᠭᠠᠯᠠᠪᠠ᠃ | | | | ᠮᠠᠨ ᠤ ᠬᠤᠰᠢᠭᠤ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠦᠷᠭᠦᠯᠵᠢᠯᠡᠨ ᠴᠢᠩᠭ᠎ᠠ ᠠᠳᠬᠤᠵᠤ᠂ | ᠭᠤᠣᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠬᠠᠮᠠᠭᠠᠯᠠᠬᠤ ᠡᠷᠴᠢᠮ ᠢ ᠪᠠᠶᠢᠩᠭᠤᠵᠢᠭᠤᠯᠤᠨ ᠥᠷᠨᠢᠭᠦᠯᠵᠦ᠂ ᠭᠠᠯ ᠢ ᠰᠡᠷᠭᠡᠶᠢᠯᠡᠨ ᠤᠨᠲᠠᠷᠠᠭᠠᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠠᠯᠬᠠᠪᠴᠢ ᠶᠢ ᠪᠦᠬᠦ ᠬᠦᠴᠦᠨ ᠢᠶᠠᠷ ᠢᠶᠠᠨ | ᠪᠠᠬᠢᠵᠢᠭᠦᠯᠦᠨ᠎ᠡ᠃ | | |