30 ᠮᠢᠨᠦ᠋ᠲ ᠠᠴᠠ 60 ᠮᠢᠨᠦ᠋ᠲ᠂ ᠠᠯᠬᠤᠮ ᠤᠨ ᠲᠤᠭ᠎ᠠ 6000 ᠠᠯᠬᠤᠮ ᠠᠴᠠ 1 ᠲᠦᠮᠡᠨ ᠠᠯᠬᠤᠮ ᠪᠠᠶᠢᠪᠠᠯ ᠵᠣᠬᠢᠨ᠎ᠠ | ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠶᠠᠩ ᠶᠠᠨ ᠹᠠᠨ | 2025 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ ᠤᠨ 08᠄ 42 ᠶᠢᠨ ᠢᠷᠡᠯᠲᠡ᠄ ᠠᠷᠠᠳ ᠤᠨ ᠰᠦᠯᠵᠢᠶ᠎ᠡ — ᠠᠷᠠᠳ ᠤᠨ ᠡᠳᠦᠷ ᠤᠨ ᠰᠣᠨᠢᠨ | | ︽ᠪᠢᠳᠡ ᠠᠯᠬᠤᠬᠤ ᠳᠠᠭᠠᠨ ᠪᠠᠰᠠ ᠬᠡᠮᠵᠢᠶ᠎ᠡ ᠲᠠᠢ ᠪᠠᠶᠢᠬᠤ ᠬᠡᠷᠡᠭᠲᠡᠢ᠂ ᠡᠩ ᠤᠨ ᠪᠠᠶᠢᠳᠠᠯ ᠳᠤ 30 ᠮᠢᠨᠦ᠋ᠲ ᠠᠴᠠ 60 ᠮᠢᠨᠦ᠋ᠲ᠂ 6000 | ᠠᠯᠬᠤᠮ ᠠᠴᠠ 1 ᠲᠦᠮᠡᠨ ᠠᠯᠬᠤᠮ ᠠᠯᠬᠤᠪᠠᠯ ᠵᠣᠬᠢᠨ᠎ᠠ᠂ ᠨᠠᠰᠤᠲᠠᠶᠢᠴᠤᠳ ᠤᠨ ᠲᠠᠮᠢᠷ ᠲᠡᠩᠬᠡᠭᠡ ᠮᠠᠭᠤᠳᠠᠭᠠᠳ 30 ᠮᠢᠨᠦ᠋ᠲ ᠠᠴᠠ 40 ᠮᠢᠨᠦ᠋ᠲ᠂ 4000 | ᠠᠯᠬᠤᠮ ᠠᠴᠠ 6000 ᠠᠯᠬᠤᠮ ᠠᠯᠬᠤᠪᠠᠯ ᠨᠡᠯᠢᠶᠡᠳ ᠲᠣᠬᠢᠷᠠᠮᠵᠢᠲᠠᠢ᠂ ᠪᠠᠰᠠ ᠥᠷᠯᠥᠭᠡ᠂ ᠦᠳᠡ᠂ ᠣᠷᠣᠢ ᠭᠡᠵᠦ ᠬᠤᠶᠠᠷ ᠬᠡᠰᠡᠭ ᠪᠤᠶᠤ ᠭᠤᠷᠪᠠᠨ ᠬᠡᠰᠡᠭ | ᠬᠤᠪᠢᠶᠠᠵᠤ ᠶᠠᠪᠤᠵᠤ ᠪᠣᠯᠣᠨ᠎ᠠ᠂ ᠢᠩᠭᠢᠪᠡᠯ ᠪᠡᠶ᠎ᠡ ᠮᠠᠬᠠᠪᠤᠳ ᠲᠤ ᠠᠰᠢᠭᠲᠠᠢ ᠶᠤᠮ︾ ᠭᠡᠵᠡᠢ᠃ ᠡᠶᠢᠮᠦ ᠠᠴᠠ ᠨᠠᠰᠤᠲᠠᠶᠢᠴᠤᠳ 30 ᠮᠢᠨᠦ᠋ᠲ ᠠᠴᠠ 40 ᠮᠢᠨᠦ᠋ᠲ | ᠂ 4000 ᠠᠯᠬᠤᠮ ᠠᠴᠠ 6000 ᠠᠯᠬᠤᠮ ᠠᠯᠬᠤᠪᠠᠯ ᠨᠡᠯᠢᠶᠡᠳ ᠲᠣᠬᠢᠷᠠᠮᠵᠢᠲᠠᠢ᠂ ᠡᠶᠢᠮᠦ ᠠᠴᠠ ᠪᠠᠰᠠ ᠥᠷᠯᠥᠭᠡ᠂ ᠦᠳᠡ᠂ ᠣᠷᠣᠢ ᠭᠡᠵᠦ ᠬᠤᠶᠠᠷ ᠬᠡᠰᠡᠭ | ᠪᠤᠶᠤ ᠭᠤᠷᠪᠠᠨ ᠬᠡᠰᠡᠭ ᠬᠤᠪᠢᠶᠠᠵᠤ ᠠᠯᠬᠤᠪᠠᠯ ᠪᠡᠶ᠎ᠡ ᠮᠠᠬᠠᠪᠤᠳ ᠲᠤ ᠠᠰᠢᠭᠲᠠᠢ ᠶᠤᠮ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ | ᠂ ᠪᠥᠬᠦ ᠤᠯᠤᠰ ᠤᠨ ᠬᠢᠲᠠᠳ ᠡᠮᠨᠡᠯᠭᠡ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠠᠨᠠᠭᠠᠬᠤ ᠤᠬᠠᠭᠠᠨ ᠤ ᠲᠥᠪ ᠤᠨ ᠡᠷᠬᠢᠯᠡᠭᠴᠢ ᠵᠤ᠋ ᠯᠢ ᠭᠦᠸᠧ ᠰᠠᠨᠠᠭᠤᠯᠭ᠎ᠠ | ᠭᠠᠷᠭᠠᠪᠠ᠃ | ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠪᠡᠶ᠎ᠡ ᠰᠤᠪᠢᠯᠠᠬᠤ ᠳᠤ ᠬᠥᠮᠥᠨ ᠤ ᠠᠳᠠᠯᠢ ᠪᠤᠰᠤ ᠶᠢ ᠠᠩᠬᠠᠷᠬᠤ ᠬᠡᠷᠡᠭᠲᠡᠢ᠃ ᠬᠥᠳᠡᠯᠭᠡᠭᠡᠨ ᠤ ᠳᠤᠮᠳᠠ ᠥᠪᠡᠷ ᠤᠨ | ᠪᠡᠶ᠎ᠡ ᠶᠢᠨ ᠳᠣᠬᠢᠶ᠎ᠠ ᠪᠠᠨ ᠠᠵᠢᠭᠯᠠᠬᠤ ᠬᠡᠷᠡᠭᠲᠡᠢ᠂ ᠢᠯᠠᠩᠭᠤᠶ᠎ᠠ ᠠᠮᠢᠰᠬᠤᠯ ᠢᠶᠠᠨ ᠠᠵᠢᠭᠯᠠᠬᠤ ᠬᠡᠷᠡᠭᠲᠡᠢ᠃ ᠬᠥᠳᠡᠯᠭᠡᠭᠡᠨ ᠤ ᠶᠠᠪᠤᠴᠠ ᠳᠤ ᠠᠮᠢᠰᠬᠤᠯ ᠳᠠᠪᠬᠤᠴᠠᠬᠤ᠂ | ᠦᠭᠡ ᠬᠡᠯᠡᠬᠦ ᠨᠢ ᠲᠠᠰᠤᠯᠳᠠᠬᠤ ᠵᠡᠷᠭᠡ ᠪᠠᠶᠢᠳᠠᠯ ᠭᠠᠷᠬᠤ ᠦᠭᠡᠢ ᠪᠣᠯ ᠵᠣᠬᠢᠨ᠎ᠠ᠃ ᠬᠡᠲᠦᠷᠬᠡᠢ ᠶᠠᠳᠠᠷᠠᠵᠤ ᠪᠣᠯᠬᠤ ᠦᠭᠡᠢ᠂ ᠬᠥᠳᠡᠯᠭᠡᠭᠡᠨ ᠭᠦᠢᠴᠡᠳᠬᠡᠬᠦ ᠳᠤ ︽ | ᠬᠡᠮᠵᠢᠶ᠎ᠡ︾ ᠦᠭᠡᠢ ᠪᠠᠶᠢᠵᠤ ᠪᠣᠯᠬᠤ ᠦᠭᠡᠢ᠂ ᠵᠢᠱᠢᠶᠡᠯᠡᠪᠡᠯ ᠬᠥᠳᠡᠯᠭᠡᠭᠡᠨ ᠬᠢᠵᠦ ᠪᠠᠷᠠᠭᠰᠠᠨ ᠤ ᠳᠠᠷᠠᠭ᠎ᠠ ᠬᠥᠯ ᠨᠢᠷᠤᠭᠤ ᠱᠠᠷᠬᠢᠷᠠᠵᠤ ᠡᠪᠡᠳᠪᠡᠯ ᠡᠰᠡᠷᠭᠦ ᠦᠢᠯᠡᠳᠦᠯ | ᠭᠠᠷᠭᠠᠨ᠎ᠠ᠃ ᠬᠥᠳᠡᠯᠭᠡᠭᠡᠨ ᠬᠢᠭᠰᠡᠨ ᠤ ᠳᠠᠷᠠᠭ᠎ᠠ ᠰᠡᠳᠬᠢᠯ ᠰᠠᠨᠠᠭ᠎ᠠ ᠠᠭᠤᠵᠢᠷᠠᠵᠤ᠂ ᠪᠤᠯᠴᠢᠩ ᠮᠢᠬ᠎ᠠ ᠬᠡᠲᠦᠷᠬᠡᠢ ᠬᠠᠷᠢᠭᠤ ᠲᠤᠰᠬᠠᠯ ᠪᠠ ᠶᠠᠳᠠᠷᠠᠭ᠎ᠠ ᠦᠭᠡᠢ᠂ ᠡᠨᠡ | ᠪᠣᠯ ᠨᠡᠯᠢᠶᠡᠳ ᠰᠠᠶᠢᠨ ︽ᠬᠡᠮᠵᠢᠶ᠎ᠡ︾ ᠪᠣᠯᠣᠨ᠎ᠠ᠃ | ᠣᠯᠠᠩᠬᠢ ᠬᠥᠮᠥᠰ ᠳᠤᠮᠳᠠ ᠵᠡᠷᠭᠡ ᠶᠢᠨ ᠬᠦᠴᠦᠯᠡᠴᠡ ᠲᠠᠢ ᠬᠥᠳᠡᠯᠭᠡᠭᠡᠨ ᠢ ᠰᠣᠩᠭᠤᠪᠠᠯ ᠰᠠᠶᠢᠨ᠃ ᠳᠤᠮᠳᠠ ᠵᠡᠷᠭᠡ ᠶᠢᠨ ᠬᠦᠴᠦᠯᠡᠴᠡ ᠭᠡᠵᠦ ᠶᠠᠭᠤ ᠪᠤᠢ︖ | ᠵᠢᠷᠦᠬᠡᠨ ᠤ ᠳᠠᠪᠲᠠᠮᠵᠢ ᠭᠡᠳᠡᠭ ᠡᠨᠡ ᠬᠦ ᠵᠢᠭᠠᠯᠲᠠ ᠲᠤᠭ᠎ᠠ ᠪᠠᠷ ᠯᠠᠪᠯᠠᠯᠲᠠ ᠪᠣᠯᠭᠠᠵᠤ ᠪᠣᠯᠣᠨ᠎ᠠ᠃ ᠬᠥᠳᠡᠯᠭᠡᠭᠡᠨ ᠤ ᠵᠢᠷᠦᠬᠡᠨ ᠤ ᠳᠠᠪᠲᠠᠮᠵᠢ ᠮᠢᠨᠦ᠋ᠲ ᠪᠦᠷᠢ ︵ 220 | ︶ × 0.6 ᠤᠳᠠᠭ᠎ᠠ ᠠᠴᠠ ︵ 220︶ × 0.7 ᠤᠳᠠᠭ᠎ᠠ ᠶᠢᠨ ᠬᠤᠭᠤᠷᠣᠨᠳᠤ ᠪᠠᠶᠢᠬᠤ ᠶᠢ ᠪᠠᠲᠤᠯᠠᠨ᠎ᠠ᠃ ᠰᠧᠴᠤᠸᠠᠨ ᠮᠤᠵᠢ ᠶᠢᠨ ᠶᠠᠰᠤᠨ ᠤ ᠰᠠᠯᠠᠭᠠᠨ ᠤ | ᠡᠮᠨᠡᠯᠭᠡ ᠶᠢᠨ ᠬᠤᠷᠢᠶᠠᠨ ᠤ ᠪᠡᠶ᠎ᠡ ᠶᠢᠨ ᠲᠠᠮᠢᠷ ᠤᠨ ᠠᠨᠠᠭᠠᠬᠤ ᠤᠬᠠᠭᠠᠨ ᠤ ᠰᠠᠯᠠᠭᠠᠨ ᠤ ᠡᠷᠬᠢᠯᠡᠭᠴᠢ ᠯᠥᠸᠧ ᠰᠢᠶᠣᠣ ᠪᠢᠩ ᠬᠡᠯᠡᠬᠦ ᠳᠡᠭᠡᠨ᠂ ᠬᠥᠮᠥᠨ ᠪᠣᠯᠭᠠᠨ ᠤ | ᠪᠡᠶ᠎ᠡ ᠮᠠᠬᠠᠪᠤᠳ ᠠᠳᠠᠯᠢ ᠦᠭᠡᠢ ᠪᠣᠯᠬᠤᠷ ᠬᠥᠳᠡᠯᠭᠡᠭᠡᠨ ᠳᠤ ᠵᠣᠬᠢᠴᠠᠬᠤ ᠠᠷᠭ᠎ᠠ ᠮᠠᠶ᠋ᠢᠭ ᠨᠢ ᠴᠦ ᠠᠳᠠᠯᠢ ᠦᠭᠡᠢ ᠪᠠᠶᠢᠳᠠᠭ᠃ ᠪᠢᠳᠡ ᠪᠡᠶ᠎ᠡ ᠮᠠᠬᠠᠪᠤᠳ ᠤᠨ | ᠵᠣᠬᠢᠴᠠᠯ ᠢ ᠦᠨᠡᠯᠡᠨ ᠵᠢᠱᠢᠬᠦ ᠪᠠ ᠬᠥᠳᠡᠯᠭᠡᠭᠡᠨ ᠤ ᠮᠡᠷᠭᠡᠵᠢᠯ ᠤᠨ ᠵᠠᠳᠠᠯᠤᠯᠲᠠ ᠭᠦᠢᠴᠡᠳᠬᠡᠬᠦ ᠪᠠᠷ ᠳᠠᠮᠵᠢᠨ᠂ ᠪᠡᠶ᠎ᠡ ᠮᠠᠬᠠᠪᠤᠳ ᠤᠨ ᠠᠵᠢᠯᠯᠠᠭ᠎ᠠ ᠶᠢᠨ ᠪᠠᠭᠤᠷᠠᠢ | ᠲᠠᠯ᠎ᠠ ᠶᠢ ᠣᠶᠢᠯᠠᠭᠠᠵᠤ ᠮᠡᠳᠡᠬᠦ ᠬᠡᠷᠡᠭᠲᠡᠢ ᠭᠡᠭᠡᠯᠡ᠃ | ︽ᠠᠷᠠᠳ ᠤᠨ ᠡᠳᠦᠷ ᠤᠨ ᠰᠣᠨᠢᠨ︾ ︵2025 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ ᠤᠨ ᠬᠡᠪᠯᠡᠯ ᠤᠨ 12 ᠳ᠋ᠤᠭᠠᠷ ᠨᠢᠭᠤᠷ︶ |